| ᠣᠶᠢᠷ᠎ᠠ ᠳᠤ᠂ ᠪᠡᠭᠡᠵᠢᠩ ᠤᠨ ᠰᠢᠨ ᠹᠡ ᠳ᠋ᠢ ᠵᠠᠬ᠎ᠠ ᠳᠡᠯᠭᠡᠭᠦᠷ ᠨᠢ ᠭᠠᠳᠠᠭᠠᠳᠤ ᠠᠴᠠ ᠣᠷᠣᠭᠤᠯᠤᠭᠰᠠᠨ ᠰᠠᠨ | ᠸᠧᠨ ᠵᠢᠭᠠᠰᠤ ᠬᠡᠷᠴᠢᠭᠰᠡᠨ ᠠᠮᠪᠠᠨ ᠠᠴᠠ ᠰᠢᠨ᠎ᠡ ᠲᠢᠳᠢᠮᠯᠢᠭ ᠸᠢᠷᠦ᠋ᠰ ᠢ ᠪᠠᠶᠢᠴᠠᠭᠠᠨ ᠣᠯᠪᠠ᠂ ᠡᠶᠢᠨᠬᠦ ᠹᠧᠩᠵᠧᠨ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ | ᠂ ᠲᠣᠪᠴᠢᠶᠠᠨ ᠤ ᠤᠳᠤᠷᠢᠳᠤᠯᠭ᠎ᠠ ᠬᠠᠮᠤᠭ ᠲᠡᠷᠢᠭᠦᠨ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠦᠳᠲᠡᠷ | ᠲᠦᠷᠭᠡᠨ ᠬᠥᠳᠡᠯᠦᠯᠴᠡᠵᠦ᠂ ᠪᠥᠬᠦ ᠬᠤᠲᠠ ᠶᠢᠨ ᠮᠢᠬᠠᠨ ᠤ ᠲᠥᠷᠥᠯ ᠤᠨ ᠪᠥᠭᠡᠮ ᠢᠶᠠᠷ ᠬᠤᠳᠠᠯᠳᠤᠬᠤ ᠴᠡᠭ ᠵᠢᠴᠢ | ᠢᠳᠡᠭᠡᠨ ᠤᠮᠳᠠᠭᠠᠨ ᠤ ᠨᠢᠭᠡᠴᠡ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠪᠠ᠃ | 6 ᠰᠠᠷ᠎ᠠ ᠶᠢᠨ 13 ᠤ ᠡᠳᠦᠷ᠂ ᠡᠯ᠎ᠡ ᠬᠢᠨᠠᠨ ᠬᠠᠮᠢᠶᠠᠷᠬᠤ ᠭᠠᠵᠠᠷ ᠲᠤᠰ ᠲᠤᠰ ᠲᠠᠭᠠᠨ ᠠᠵᠢᠯᠯᠠᠭ᠎ᠠ ᠠᠪᠴᠤ᠂ | ᠲᠣᠰ ᠲᠣᠰ ᠤᠨ ᠬᠠᠷᠢᠶ᠎ᠠ ᠣᠷᠣᠨ ᠤ ᠳᠣᠲᠣᠷᠠᠬᠢ ᠮᠢᠬᠠᠨ ᠤ ᠲᠥᠷᠥᠯ ᠤᠨ ᠪᠥᠭᠡᠮ ᠢᠶᠠᠷ ᠬᠤᠳᠠᠯᠳᠤᠬᠤ ᠴᠢᠭ᠂ | ᠬᠦᠢᠲᠡᠨ ᠬᠥᠮᠥᠷᠭᠡ᠂ ᠲᠣᠮᠣ ᠳᠤᠮᠳᠠ ᠬᠡᠯᠪᠡᠷᠢ ᠶᠢᠨ ᠬᠡᠲᠦ ᠳᠡᠯᠭᠡᠭᠦᠷ ᠵᠢᠴᠢ ᠳᠠᠯᠠᠢ ᠶᠢᠨ ᠢᠳᠡᠭᠡᠨ ᠪᠣᠷᠣᠯᠠᠭᠤᠯᠬᠤ | ᠢᠳᠡᠭᠡᠨ ᠤᠮᠳᠠᠭᠠᠨ ᠤ ᠨᠢᠭᠡᠴᠡ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠯ᠎ᠡ ᠡᠵᠡᠩᠨᠡᠨ ᠪᠣᠷᠣᠯᠠᠭᠤᠯᠬᠤ | ᠳᠡᠯᠭᠡᠭᠦᠷ ᠤᠨ ᠪᠠᠷᠠᠭ᠎ᠠ ᠣᠷᠣᠭᠤᠯᠬᠤ ᠠᠷᠭ᠎ᠠ ᠵᠠᠮ᠂ ᠪᠠᠷᠠᠭ᠎ᠠ ᠣᠷᠣᠭᠤᠯᠬᠤ ᠠᠷᠭ᠎ᠠ ᠮᠠᠶ᠋ᠢᠭ ︵ᠥᠪᠡᠷᠲᠡᠭᠡᠨ | ᠭᠠᠷᠭᠠᠵᠤ ᠠᠪᠬᠤ ᠪᠤᠶᠤ ᠨᠠᠶᠢᠳᠠᠨ ᠲᠡᠭᠡᠭᠡᠪᠦᠷᠢᠯᠡᠭᠦᠯᠬᠦ︶᠂ ᠤᠶᠢᠷ᠎ᠠ ᠶᠢᠨ ᠬᠤᠭᠤᠴᠠᠭᠠᠨ ᠳᠤ ᠪᠡᠭᠡᠵᠢᠩ ᠤᠨ | ᠰᠢᠨ᠎ᠡ ᠪᠠᠷ ᠲᠠᠷᠬᠠᠭᠠᠬᠰᠠᠨ ᠭᠠᠵᠠᠷ ᠪᠤᠶᠤ ᠪᠡᠭᠡᠵᠢᠩ ᠤᠨ ᠪᠤᠰᠤᠳ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ | ᠬᠦᠷᠴᠦ ᠦᠩᠭᠡᠷᠡᠭᠰᠡᠨ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠪᠠ᠃ | ᠪᠠᠶᠢᠴᠠᠭᠠᠬᠤ ᠶᠠᠪᠤᠴᠠ ᠳᠤ᠂ ᠡᠯ᠎ᠡ ᠡᠵᠡᠩᠨᠡᠯᠲᠡ ᠶᠢᠨ ᠨᠢᠭᠡᠴᠡ ᠶᠢ ᠤᠷᠤᠭᠤᠯᠤᠬᠰᠠᠨ ᠪᠠᠷᠠᠭ᠎ᠠ ᠶᠢᠨ ᠢᠷᠡᠯᠲᠡ ᠶᠢᠨ | ᠬᠡᠷᠡᠴᠢ ᠪᠠᠷᠢᠮᠲᠠ ᠪᠠᠨ ᠬᠠᠩᠭᠠᠬᠤ ᠬᠡᠷᠡᠭᠲᠡᠶ ᠭᠡᠵᠦ ᠱᠠᠭᠠᠷᠳᠠᠵᠤ᠂ ᠡᠭᠦᠨ ᠳᠤ ᠪᠠᠷᠠᠭ᠎ᠠ ᠬᠠᠩᠭᠠᠬᠤ | ᠬᠤᠳᠠᠯᠳᠤᠭᠠᠴᠢᠨ ᠤ ᠬᠢᠷᠢ ᠬᠡᠮ᠂ ᠬᠠᠮᠤᠭ ᠰᠡᠭᠦᠯᠴᠢ ᠶᠢᠨ ᠤᠳᠠᠭ᠎ᠠ ᠤᠷᠤᠭᠤᠯᠤᠬᠰᠠᠨ ᠪᠠᠷᠠᠭᠠᠨ ᠤ ᠴᠠᠭ | ᠬᠤᠭᠤᠴᠠᠭ᠎ᠠ᠂ ᠭᠠᠵᠠᠷ ᠣᠷᠣᠨ ᠵᠢᠴᠢ ᠲᠤᠭ᠎ᠠ ᠬᠡᠮᠵᠢᠶ᠎ᠡ ᠨᠢ ᠨᠠᠷᠢᠨ ᠲᠣᠳᠣᠷᠬᠠᠶ ᠮᠦᠷᠳᠡᠭᠡᠨ ᠬᠢᠯᠢ ᠶᠢᠨ | ᠭᠠᠳᠠᠨ᠎ᠠ ᠠᠴᠠ ᠣᠷᠣᠭᠤᠯᠤᠭᠰᠠᠨ ᠰᠠᠨ ᠸᠧᠨ ᠵᠢᠭᠠᠰᠤ ᠵᠡᠷᠭᠡ ᠳᠠᠯᠠᠢ ᠶᠢᠨ ᠢᠳᠡᠭᠡᠨ ᠤ ᠪᠦᠲᠦᠭᠡᠭᠳᠡᠬᠦᠨ ᠨᠢ ᠬᠢᠲᠠᠳ | ᠦᠰᠦᠭ ᠤᠨ ᠱᠣᠰᠢᠭ᠎ᠠ ᠲᠠᠢ ᠪᠥᠭᠡᠳ ᠬᠢᠯᠢ ᠪᠠᠷ ᠣᠷᠣᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠤᠨ | ᠪᠠᠶᠢᠴᠠᠭᠠᠯᠳᠠ ᠳᠤ ᠬᠢᠷᠢ ᠲᠡᠩᠴᠡᠭᠰᠡᠨ ᠭᠡᠷᠡᠴᠢ ᠲᠠᠢ ᠪᠠᠶᠢᠬᠤ ᠬᠡᠷᠡᠭᠲᠡᠶ᠃ ᠬᠤᠳᠠᠯᠳᠤᠭᠠᠴᠢᠨ ᠤ ᠣᠶᠢᠷ᠎ᠠ ᠶᠢᠨ | ᠬᠤᠭᠤᠴᠠᠭᠠᠨ ᠳᠤ ᠪᠡᠭᠡᠵᠢᠩ ᠣᠷᠣᠨ ᠠᠴᠠ ᠰᠠᠨ ᠸᠧᠨ ᠵᠢᠭᠠᠰᠤ ᠵᠡᠷᠭᠡ ᠳᠠᠯᠠᠶ ᠶᠢᠨ ᠢᠳᠡᠭᠡᠨ ᠤ ᠵᠦᠢᠯ ᠤᠨ | ᠮᠠᠲ᠋ᠧᠷᠢᠶᠠᠯ ᠬᠤᠳᠠᠯᠳᠤᠨ ᠠᠪᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠲᠡᠯᠡᠶ ᠶᠢᠨ ᠢᠳᠡᠭᠡᠨ ᠤ | ᠲᠥᠷᠥᠯ ᠤᠨ ᠢᠳᠡᠭᠡᠨ ᠤᠮᠳᠠᠭᠠᠨ ᠤ ᠳᠡᠯᠭᠡᠭᠦᠷ ᠡᠵᠡᠩᠨᠡᠬᠦ ᠳᠤ ᠢᠷᠲᠦ ᠪᠠᠭᠠᠵᠢ᠂ ᠳᠥᠰᠢ ᠬᠠᠪᠲᠠᠰᠤ ᠵᠡᠷᠭᠡ | ᠡᠳ᠋ᠰᠢᠭᠦᠯᠦᠨ ᠦᠢᠯᠡᠳᠬᠦ ᠪᠠᠭᠠᠵᠢ ᠶᠢ ᠤᠬᠢᠶᠠᠵᠤ ᠠᠷᠢᠭᠤᠳᠬᠠᠬᠤ ᠬᠡᠷᠡᠭᠲᠡᠶ᠃ | ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 30 ᠭᠠᠷᠤᠶ ᠬᠥᠮᠦᠨ ︵ᠤᠳᠠᠭ᠎ᠠ︶ ᠢ | ᠲᠤᠮᠢᠯᠠᠵᠦ᠂ ᠰᠠᠨ ᠸᠧᠨ ᠵᠢᠭᠠᠰᠤ ᠵᠡᠷᠭᠡ ᠲᠡᠯᠡᠶ ᠶᠢᠨ ᠢᠳᠡᠭᠡᠨ ᠤ ᠲᠥᠷᠥᠯ ᠤᠨ ᠢᠳᠡᠭᠡᠨ ᠤ ᠮᠠᠲ᠋ᠧᠷᠢᠶᠠᠯ ᠢ ᠡᠵᠡᠩᠨᠡᠬᠦ | 15 ᠨᠢᠭᠡᠴᠡ ᠶᠢ ᠵᠢᠭᠰᠠᠭᠠᠨ ᠪᠠᠶᠢᠴᠠᠭᠠᠪᠠ᠃ | ᠣᠳᠣᠬᠠᠨ ᠳᠤ᠂ ᠮᠠᠨ ᠤ ᠲᠣᠪᠴᠢᠶ᠎ᠠ ᠶᠢᠨ ᠬᠢᠨᠠᠨ ᠬᠠᠮᠢᠶᠠᠷᠬᠤ ᠠᠵᠢᠯᠲᠠᠨ ᠮᠥᠨ ᠬᠦ ᠡᠯ᠎ᠡ ᠬᠡᠲᠦ ᠳᠡᠯᠭᠡᠭᠦᠷ᠂ | ᠮᠢᠬᠠᠨ ᠤ ᠲᠥᠷᠥᠯ ᠤᠨ ᠪᠥᠭᠡᠮ ᠢᠶᠠᠷ ᠬᠤᠳᠠᠯᠳᠤᠬᠤ ᠴᠢᠭ ᠲᠤ ᠪᠠᠶᠢᠴᠠᠭᠠᠨ ᠰᠤᠳᠤᠯᠤᠯᠲᠠ ᠬᠢᠵᠦ᠂ ᠪᠠᠶᠢᠴᠠᠭᠠᠨ | ᠵᠢᠭᠰᠠᠭᠠᠬᠤ ᠬᠡᠪᠴᠢᠶ᠎ᠡ ᠶᠢ ᠲᠡᠯᠡᠶ ᠶᠢᠨ ᠢᠳᠡᠭᠡᠨ ᠤ ᠲᠥᠷᠥᠯ ᠤᠨ ᠢᠳᠡᠭᠡᠨ ᠤ ᠮᠠᠲ᠋ᠧᠷᠢᠶᠠᠯ ᠠᠴᠠ ᠪᠤᠰᠤᠳ | ᠭᠠᠳᠠᠭᠠᠳᠤ ᠠᠴᠠ ᠤᠷᠤᠭᠤᠯᠤᠬᠰᠠᠨ ᠵᠢᠭᠦᠷᠲᠡᠨ ᠮᠠᠯ ᠤᠨ ᠮᠢᠬᠠᠨ ᠤ ᠲᠥᠷᠥᠯ ᠤᠨ ᠪᠦᠲᠦᠭᠡᠭᠳᠡᠬᠦᠨ ᠳᠤ ᠬᠦᠷᠲᠡᠯ᠎ᠡ | ᠥᠷᠭᠡᠳᠬᠡᠪᠡ᠃ | ᠵᠣᠬᠢᠶᠠᠭᠴᠢ᠄ ᠲᠢᠶᠠᠨ ᠰᠢᠶᠤᠤ ᠹᠧᠨ | ᠤᠷᠴᠢᠭᠤᠯᠤᠬᠴᠢ᠄ ᠼᠦᠢ ᠶᠢᠩ |