| 6 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠤᠯᠤᠰ ᠤᠨ ︽ᠬᠤᠶᠠᠷ ᠬᠤᠷᠠᠯ︾ ᠤᠨ | ᠵᠣᠷᠢᠭ ᠰᠠᠨᠠᠭᠠᠨ ᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠮᠡᠳᠡᠭᠦᠯᠦᠯᠲᠡ ᠶᠢᠨ ᠬᠤᠷᠠᠯ ᠬᠤᠳᠠ ᠶᠢᠨ ᠬᠤᠶᠢᠳᠤ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠪᠦᠷᠢᠯᠳᠦᠬᠦᠨ᠂ ᠬᠤᠲᠠ ᠶᠢᠨ ᠨᠠᠮ ᠤᠨ ᠰᠤᠷᠭᠠᠭᠤᠯᠢ ᠶᠢᠨ ᠪᠠᠭᠰᠢ ᠫᠠᠩ ᠶᠠ ᠮᠧᠶ ᠪᠥᠬᠦ ᠤᠯᠤᠰ ᠤᠨ ︽ᠬᠤᠶᠠᠷ | ᠬᠤᠷᠠᠯ︾ ᠤᠨ ᠵᠣᠷᠢᠭ ᠰᠠᠨᠠᠭᠠᠨ ᠤ ᠲᠤᠭᠤᠷᠢᠨ ᠳᠤ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠠ᠃ | ᠬᠤᠳᠠ ᠶᠢᠨ ᠬᠤᠶᠢᠳᠤ ᠲᠣᠭᠤᠷᠢᠭ ᠤᠨ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ | ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠡᠯ᠎ᠡ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ | ᠪᠦᠷᠢᠯᠳᠦᠬᠦᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | ᠮᠡᠳᠡᠭᠦᠯᠦᠯᠲᠡ ᠶᠢᠨ ᠬᠤᠷᠠᠯ ᠳᠡᠭᠡᠷ᠎ᠡ᠂ ᠫᠠᠩ ᠶᠠ ᠮᠧᠶ ᠪᠥᠬᠦ ᠤᠯᠤᠰ ᠤᠨ ︽ᠬᠤᠶᠠᠷ ᠬᠤᠷᠠᠯ︾ ᠤᠨ ᠲᠦᠢᠮᠣ | ᠪᠠᠶᠢᠳᠠᠯ ᠪᠣᠯᠤᠨ ᠣᠨᠴᠠᠯᠢᠭ᠂ ᠬᠤᠷᠠᠯ ᠤᠨ ᠭᠤᠤᠯ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠵᠢᠴᠢ ᠠᠵᠢᠯ ᠤᠨ ᠱᠠᠭᠠᠷᠳᠠᠯᠭ᠎ᠠ ᠶᠢ ᠰᠤᠷᠤᠯᠴᠠᠨ ᠲᠤᠭᠤᠰᠢᠯᠠᠭᠤᠯᠬᠤ ᠵᠡᠷᠭᠡ ᠲᠠᠯ᠎ᠠ ᠪᠠᠷ᠂ | ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠨᠠᠷᠢᠨ ᠲᠠᠶᠢᠯᠪᠤᠷᠢᠯᠠᠪᠠ᠃ | ᠬᠤᠷᠠᠯ ᠳᠤ ᠣᠷᠣᠯᠴᠠᠭᠰᠠᠳ᠄ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠬᠤᠲᠠ ᠶᠢᠨ | ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ | ᠪᠠᠰᠠ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ | ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠵᠣᠷᠢᠭᠲᠠᠶ ᠪᠠᠷ ᠤᠷᠤᠰᠬᠠᠯ ᠤᠨ ᠡᠮᠦᠨ᠎ᠡ | ᠵᠣᠭᠰᠣᠵᠤ᠂ ᠦᠨᠡᠨ ᠬᠦ ᠠᠳᠬᠤᠨ ᠪᠣᠳᠠᠲᠠᠶ ᠠᠵᠢᠯᠯᠠᠬᠤ ᠠᠵᠢᠯ ᠤᠨ ᠡᠷᠴᠢ ᠵᠣᠷᠢᠭ ᠢᠶᠠᠷ ᠡᠪ ᠬᠠᠮᠲᠤ ᠨᠠᠮ ᠤᠨ | ᠭᠡᠰᠢᠭᠦᠨ ᠤ ︽ᠠᠷᠠᠳ ᠲᠦᠮᠡᠨ ᠳᠤ ᠦᠢᠯᠡᠴᠢᠯᠡᠬᠦ︾ ᠮᠥᠩᠬᠡ ᠶᠢᠨ ᠤᠭ ᠰᠠᠨᠠᠭ᠎ᠠ ᠶᠢ ᠪᠠᠲᠤ ᠴᠡᠭᠡᠵᠢᠯᠡᠵᠦ᠂ ︽ | ᠠᠷᠠᠳ ᠲᠦᠮᠡᠨ ᠢᠶᠠᠷ ᠭᠤᠤᠯ ᠪᠣᠯᠭᠠᠬᠤ︾ ᠶᠢ ᠪᠠᠷᠢᠮᠲᠠᠯᠠᠵᠤ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠶ | ᠰᠠᠶᠢᠲᠤᠷ ᠬᠢᠵᠦ᠂ ᠰᠠᠭᠤᠭᠠᠯᠢ ᠠᠷᠠᠳ ᠲᠦᠮᠡᠨ ᠳᠤ ᠨᠡᠩ ᠰᠠᠶᠢᠲᠤᠷ ᠦᠢᠯᠡᠴᠢᠯᠡᠨ᠎ᠡ ᠬᠡᠵᠦ ᠢᠯᠡᠷᠬᠡᠶᠢᠯᠡᠵᠡᠭᠡᠪᠡ᠃ | | ᠵᠣᠬᠢᠶᠠᠭᠴᠢ᠄ ᠬᠤᠳᠠ ᠶᠢᠨ ᠬᠤᠶᠢᠳᠤ ᠲᠣᠭᠤᠷᠢᠭ ᠤᠨ ᠬᠡᠷᠡᠭ ᠡᠷᠬᠢᠯᠡᠬᠦ ᠭᠠᠵᠠᠷ | ᠤᠷᠴᠢᠭᠤᠯᠤᠬᠴᠢ᠄ ᠼᠦᠢ ᠶᠢᠩ |