ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠪᠠᠶᠢᠴᠠᠭᠠᠵᠤ ᠰᠢᠯᠭᠠᠨ ᠦᠨᠡᠯᠡᠬᠦ ᠳᠤᠭᠤᠶᠢᠯᠠᠩ ᠮᠠᠨ ᠤ ᠬᠤᠲᠠ ᠳᠤ ᠢᠷᠡᠵᠦ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠯᠲᠠ ᠬᠢᠵᠦ ᠰᠢᠯᠭᠠᠨ ᠦᠨᠡᠯᠡᠪᠡ
ᠨᠡᠶᠢᠲᠡᠯᠡᠭᠰᠡᠨ ᠴᠠᠭ᠄
2020-06-02
   5 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠶᠢᠨ ᠬᠤᠶᠠᠳᠤᠭᠠᠷ ᠪᠠᠶᠢᠴᠠᠭᠠᠨ ᠰᠢᠯᠭᠠᠵᠦ ᠦᠨᠡᠯᠡᠬᠦ ᠲᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠭᠢᠮ ᠤᠨ ᠴᠡᠷᠢᠭ ᠢ ᠬᠦᠷᠢᠶᠡᠯᠡᠨ ᠠᠰᠠᠷᠠᠨ ᠬᠠᠷᠠᠭᠠᠯᠵᠠᠬᠤ ᠪᠠ ᠮᠠᠭᠲᠠᠨ ᠰᠠᠶᠢᠰᠢᠶᠠᠭᠰᠠᠨ ᠭᠠᠵᠠᠷ ᠤᠨ ᠳᠠᠷᠤᠭ᠎ᠠ ᠰᠢᠶᠧ ᠵᠢᠶᠠᠨ ᠫᠢᠩ ᠤᠨ ᠳᠠᠭᠠᠭᠤᠯᠭ᠎ᠠ ᠳᠣᠤᠷ᠎ᠠ᠂ ᠮᠠᠨ ᠤ ᠬᠤᠲᠠ ᠳᠤ ᠬᠦᠷᠴᠦ ᠢᠷᠡᠭᠡᠳ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠯᠲᠠ ᠬᠢᠵᠦ ᠰᠢᠯᠭᠠᠨ ᠦᠨᠡᠯᠡᠪᠡ᠃ ᠡᠭᠦᠨ ᠤ ᠬᠠᠮᠲᠤ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢ ᠱᠣ᠋ ᠸᠧᠶ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠶᠠ ᠵᠧᠩ ᠵᠢᠶᠦ᠋ᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠠᠩ ᠶᠦᠩ ᠱᠧᠩ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠸᠠᠩ ᠵᠧᠨ ᠪᠥᠸᠧ ᠬᠤᠷᠠᠯ ᠳᠤ ᠤᠷᠤᠯᠴᠠᠪᠠ᠃
   ᠬᠤᠷᠠᠯ ᠳᠡᠭᠡᠷ᠎ᠡ᠂ ᠸᠠᠩ ᠵᠧᠨ ᠬᠠᠢ ᠮᠠᠨ ᠤ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠢ ᠥᠷᠨᠢᠭᠦᠯᠦᠭᠰᠡᠨ  ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠮᠠᠨ ᠤ ᠬᠤᠲᠠ 2007 ᠤᠨ᠂ 2011 ᠤᠨ᠂ 2015 ᠣᠨ ᠳᠤ ᠭᠤᠷᠪᠠᠨ ᠤᠳᠠᠭ᠎ᠠ ᠳᠠᠷᠠᠭᠠᠯᠠᠨ ︽ᠪᠦᠬᠦ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢᠨ ᠢᠷᠠᠭᠤ ᠠᠯᠳᠠᠷ ᠤᠨ ᠴᠣᠯᠠ ᠬᠦᠷᠲᠡᠵᠦ᠂ ᠪᠦᠬᠦ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠶᠢᠨ ︽ᠭᠤᠷᠪᠠ ᠤᠳᠠᠭ᠎ᠠ ᠳᠠᠷᠠᠭᠠᠯᠠᠨ ᠮᠠᠩᠯᠠᠶᠢᠯᠠᠭᠰᠠᠨ︾ ᠰᠢᠯᠢᠳᠡᠭ ᠠᠮᠵᠢᠯᠲᠠ ᠶᠢ ᠡᠭᠦᠳᠪᠡ᠃     ᠸᠠᠩ ᠵᠧᠨ ᠬᠠᠢ᠄ ᠤᠶᠢᠷ᠎ᠠ ᠶᠢᠨ ᠵᠢᠯ ᠳᠤ᠂ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠤᠶᠠᠷ ᠢ ᠬᠦᠷᠢᠶᠡᠯᠡᠬᠦ ᠠᠵᠢᠯ ᠢ ᠶᠡᠭᠡ ᠲᠠᠯ᠎ᠠ ᠳᠤ ᠠᠭᠤᠰᠬᠠᠵᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠤᠷᠢᠳᠤᠯᠭ᠎ᠠ ᠪᠠ ᠠᠵᠢᠯ ᠤᠨ ᠠᠷᠭ᠎ᠠ ᠬᠡᠮᠵᠢᠶ᠎ᠡ  ᠪᠠᠨ ᠦᠨᠡᠨᠬᠦ ᠴᠢᠩᠭᠠᠳᠬᠠᠵᠦ᠂ ᠬᠤᠶᠠᠷ ᠢ ᠬᠦᠷᠢᠶᠡᠯᠡᠬᠦ ᠠᠵᠢᠯ ᠳᠦᠷᠢᠮᠵᠢᠯᠲᠡ᠂ ᠵᠢᠷᠤᠮᠵᠢᠭᠤᠯᠳᠠ᠂ ᠬᠠᠤᠯᠢ ᠪᠠᠷ ᠵᠠᠰᠠᠬᠤ ᠵᠠᠮ  ᠳᠤ ᠪᠠᠨ ᠤᠷᠤᠵᠦ᠂ ᠪᠦᠬᠦ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠵᠦ᠂ ᠴᠡᠷᠢᠭ ᠠᠷᠠᠳ ᠤᠨ ᠵᠢᠭᠠᠰᠤ ᠤᠰᠤᠨ ᠤ ᠨᠢᠭᠡ ᠭᠡᠷ ᠤᠨ ᠬᠥᠮᠦᠰ ᠤᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠴᠢᠷᠮᠠᠶᠢᠨ ᠪᠠᠶᠢᠭᠤᠯᠬᠤ ᠠᠵᠢᠯ ᠤᠨ ᠦᠢᠯᠡᠳᠦᠯᠭᠡ ᠳᠤᠮᠳᠠ᠂ ᠪᠢᠳᠡ ᠢᠮᠠᠭᠲᠠ ︽ᠳᠥᠷᠪᠡᠨ ᠪᠠᠷᠢᠮᠲᠠᠯᠠᠯ︾ ᠢ ᠪᠡᠶᠡᠯᠡᠭᠦᠯᠵᠦ᠂ ᠨᠠᠮ ᠤᠨ ᠬᠤᠶᠠᠷ ᠢ ᠬᠦᠷᠢᠶᠡᠯᠡᠬᠦ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ︽ᠬᠤᠶᠠᠷ ᠲᠠᠯ᠎ᠠ ᠶᠢ ᠠᠳᠬᠤᠬᠤ︾ ᠶᠢ ᠪᠠᠷᠢᠮᠲᠠᠯᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠴᠡᠷᠢᠭ ᠵᠠᠰᠠᠭ ᠤᠨ ᠬᠠᠷᠢᠯᠴᠠᠭᠠᠨ ᠤ ᠲᠦᠷᠢᠮ ᠢ ᠪᠠᠷᠢᠮᠲᠠᠯᠠᠨ᠎ᠠ᠃
    ᠸᠠᠩ ᠵᠧᠨ ᠬᠠᠢ ᠵᠢᠭᠠᠵᠤ ᠭᠠᠷᠭᠠᠭᠰᠠᠨ ᠨᠢ᠄ ᠬᠡᠳᠦ᠋ᠢᠪᠡᠷ ᠪᠦᠬᠦ ᠬᠤᠲᠠ ᠶᠢᠨ ᠬᠤᠶᠠᠷ ᠢ ᠬᠦᠷᠢᠶᠡᠯᠡᠬᠦ ᠠᠵᠢᠯ  ᠵᠤᠬᠢᠬᠤ ᠬᠢᠷᠢ ᠪᠦᠲᠦᠮᠵᠢ ᠣᠯᠤᠭᠰᠠᠨ ᠪᠣᠯᠪᠠᠴᠤ᠂ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠰᠠ ᠣᠷᠣᠰᠢᠵᠤ ᠪᠠᠶᠢᠨ᠎ᠠ᠃ ᠬᠤᠶᠢᠰᠢᠳᠠ᠂ ᠪᠢᠳᠡ ᠪᠣᠳᠠᠲᠤ ᠶᠠᠪᠤᠳᠠᠯ ᠢ ᠰᠢᠢᠳᠪᠦᠷᠢᠯᠡᠬᠦ᠂ ᠠᠵᠢᠯ ᠤᠨ ᠰᠡᠳᠬᠢᠮᠵᠢ ᠶᠢᠨ ᠰᠢᠨ᠎ᠡ ᠶᠢ ᠡᠭᠦᠳᠬᠦ ᠵᠡᠷᠭᠡ ᠲᠠᠯ᠎ᠠ  ᠠᠴᠠ ᠭᠠᠷᠳᠠᠵᠤ ᠬᠠᠯᠠᠨ ᠰᠠᠶᠢᠵᠢᠷᠠᠭᠤᠯᠵᠤ᠂ ᠴᠡᠷᠢᠭ ᠠᠩᠭᠢ ᠶᠢᠨ ᠬᠦᠴᠢᠷᠳᠡᠯ ᠢ ᠪᠣᠳᠣᠯᠬᠢᠯᠠᠨ᠎ᠠ᠃ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠪᠣᠳᠠᠲᠠᠶ ᠠᠵᠢᠯ ᠢᠶᠠᠷ ᠬᠤᠶᠠᠷ ᠢ ᠬᠦᠷᠢᠶᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃    ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢᠶᠧ ᠵᠢᠶᠠᠨ ᠫᠢᠩ ᠮᠠᠨ ᠤ ᠬᠤᠲᠠ ᠶᠢᠨ ᠬᠤᠶᠠᠷ ᠢ ᠬᠦᠷᠢᠶᠡᠯᠡᠵᠦ ᠡᠭᠦᠳᠦᠨ ᠪᠠᠶᠢᠭᠤᠯᠬᠤ ᠠᠵᠢᠯ ᠢ ᠬᠦᠢᠴᠡᠳ ᠨᠤᠳᠠᠯᠠᠬᠤ ᠶᠢᠨ ᠬᠠᠮᠲᠤ ᠵᠢᠭᠠᠵᠤ ᠭᠠᠷᠭᠠᠭᠰᠠᠨ ᠨᠢ᠄ ᠡᠨᠡ ᠤᠳᠠᠭᠠᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠶᠢ ᠪᠠᠶᠢᠴᠠᠭᠠᠵᠤ ᠰᠢᠯᠭᠠᠨ ᠦᠨᠡᠯᠡᠬᠦ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠬᠠᠮᠢᠶᠠᠷᠤᠯᠲᠠ ᠶᠢᠨ ᠠᠷᠭ᠎ᠠ︾ ᠪᠠ ᠰᠢᠯᠭᠠᠨ ᠦᠨᠡᠯᠡᠬᠦ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠬᠠᠨᠤᠮᠵᠢ ᠶᠢᠨ ᠬᠡᠮᠵᠢᠶ᠎ᠡ ᠶᠢ ᠬᠡᠮᠵᠢᠨ ᠦᠨᠡᠯᠡᠬᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠪᠠᠶᠢᠴᠠᠭᠠᠵᠤ᠂ ᠪᠦᠬᠦ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠰᠢᠯᠭᠠᠷᠠᠭᠤᠯᠬᠤ ᠳᠤ ᠦᠨᠳᠦᠰᠦᠯᠡᠯ ᠬᠠᠩᠭᠠᠵᠤ᠂ ᠮᠠᠨ ᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠦᠷᠭᠦᠯᠵᠢᠯᠡᠨ ᠪᠦᠲᠦᠭᠡᠨ ᠪᠠᠶᠢᠭᠤᠯᠬᠤ ᠪᠠ ᠬᠥᠭᠵᠢᠬᠦ ᠶᠢ ᠲᠦᠯᠬᠢᠨ ᠠᠬᠢᠭᠤᠯᠤᠨ᠎ᠠ᠃ ᠲᠡᠷᠡ ᠱᠠᠭᠠᠷᠳᠠᠭᠰᠠᠨ ᠨᠢ᠄ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠪᠣᠯ ᠬᠤᠶᠠᠷ ᠢ  ᠬᠦᠷᠢᠶᠡᠯᠡᠬᠦ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠶᠠᠪᠤᠳᠠᠯ ᠪᠣᠯᠤᠨ᠎ᠠ᠃ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠴᠢᠬᠤᠯᠠ ᠠᠴᠢᠶᠠᠯᠠᠪᠤᠷᠢ ᠪᠣᠯ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ  ᠨᠢᠬᠳᠠᠷᠠᠭᠤᠯᠬᠤ ᠶᠠᠪᠤᠳᠠᠯ ᠪᠤᠯᠤᠨ᠎ᠠ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠭᠦᠨᠵᠡᠭᠡᠢ ᠬᠥᠭᠵᠢᠭᠦᠯᠬᠦ ᠶᠢ ᠠᠬᠢᠭᠤᠯᠵᠤ᠂ ᠬᠤᠶᠠᠷ ᠢ ᠬᠦᠷᠢᠶᠡᠯᠡᠬᠦ ᠠᠵᠢᠯ ᠢ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢᠨ ᠪᠦᠬᠦ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠶᠢ ᠠᠬᠢᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠲᠡᠭᠡᠳᠤ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠰᠠᠶᠢᠳᠤᠷ ᠬᠢᠵᠦ᠂ ᠦᠨᠡᠨ ᠪᠣᠳᠠᠲᠠᠶ ᠦᠷ᠎ᠡ ᠪᠦᠲᠦᠮᠵᠢ ᠣᠯᠬᠤ ᠬᠡᠷᠡᠭᠲᠡᠶ᠃     ᠸᠠᠩ ᠵᠧᠨ ᠬᠠᠢ ᠢᠯᠡᠷᠬᠡᠶᠢᠯᠡᠬᠦ ᠳᠡᠭᠡᠨ᠄ ᠹᠧᠩᠵᠧᠨ ᠬᠤᠲᠠ ᠡᠨᠡ ᠤᠳᠠᠭ᠎ᠠ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠤᠯᠭᠠᠵᠦ᠂ ᠮᠠᠨ ᠤ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠵᠤ᠂ ᠪᠦᠬᠦ ᠨᠡᠶᠢᠭᠡᠮ ᠳᠤ ᠴᠡᠷᠢᠭ ᠠᠷᠠᠳ ᠢᠶᠠᠨ ᠬᠠᠶᠢᠷᠠᠯᠠᠬᠤ᠂ ᠠᠷᠠᠳ ᠴᠡᠷᠢᠭ ᠢᠶᠠᠨ ᠬᠦᠷᠢᠶᠡᠯᠡᠬᠦ᠂ ᠴᠡᠷᠢᠭ ᠠᠷᠠᠳ ᠵᠢᠭᠠᠰᠤ ᠤᠰᠤᠨ ᠤ  ᠨᠢᠬᠳᠠ ᠬᠠᠷᠢᠴᠠᠭ᠎ᠠ ᠶᠢ ᠢᠳᠡᠪᠬᠢᠳᠡᠢ ᠪᠤᠢ ᠪᠣᠯᠭᠠᠬᠤ ᠬᠡᠷᠡᠭᠲᠡᠶ᠃
   ᠬᠤᠷᠠᠯ ᠲᠡᠭᠦᠰᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠨ ᠦᠨᠡᠯᠡᠬᠦ ᠳᠤᠭᠤᠶᠢᠯᠠᠩ ᠤᠯᠠᠭᠠᠨᠴᠠᠪ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠦᠷᠦ ᠶᠢᠨ ᠭᠡᠰᠢᠭᠦᠨ ᠭᠦᠸᠧ ᠰᠢᠶᠣᠤ ᠮᠢᠩ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠳ᠋ᠢᠶᠤᠤ ᠴᠦᠨ ᠬᠠᠶ᠂ ᠤᠯᠠᠭᠠᠨᠴᠠᠪ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ  ᠡᠷᠬᠢᠯᠡᠭᠴᠢ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠠᠷᠤᠭ᠎ᠠ ᠸᠧᠶ ᠯᠢ ᠵᠢᠶᠦ᠋ᠨ ᠨᠠᠷ ᠤᠨ ᠪᠠᠷ᠎ᠠ ᠪᠣᠯᠣᠯᠭ᠎ᠠ ᠲᠠᠢ ᠪᠠᠷ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠢᠷᠠᠭᠤ ᠠᠯᠳᠠᠷᠲᠤ ᠨᠠᠰᠤᠲᠠᠨ ᠢ ᠠᠰᠠᠷᠠᠬᠤ ᠬᠦᠷᠢᠶᠡᠯᠡᠩ᠂ ᠰᠢᠨ᠎ᠡ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠮᠢᠩ ᠵᠦ ᠨᠡᠶᠢᠭᠡᠮ ᠲᠣᠭᠤᠷᠢᠭ᠂ ᠶᠢᠩ ᠪᠢᠨ ᠨᠡᠶᠢᠭᠡᠮ ᠲᠣᠭᠤᠷᠢᠭ᠂ ᠰᠢᠤᠸᠠᠢ ᠭᠠᠩ ᠱᠠᠨ ᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠪᠣᠯᠤᠨ ᠤᠯᠤᠰ ᠢᠶᠠᠨ ᠬᠠᠶᠢᠷᠠᠯᠠᠬᠤ ᠬᠥᠮᠦᠵᠢᠯ ᠤᠨ ᠰᠠᠭᠤᠷᠢᠨ ᠭᠠᠵᠠᠷ᠂ ᠶᠤᠸᠠᠨ ᠱᠠᠨ ᠽᠢ ᠰᠢᠶᠠᠩ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠵᠡᠷᠭᠡ ᠭᠠᠵᠠᠷ ᠢᠶᠠᠷ ᠲᠣᠭᠤᠷᠢᠨ ᠦᠵᠡᠬᠦ ᠶᠢᠨ ᠬᠠᠮᠲᠤ ᠪᠠᠶᠢᠴᠠᠭᠠᠵᠤ ᠰᠢᠯᠭᠠᠨ ᠦᠨᠡᠯᠡᠪᠡ᠃                       ᠵᠣᠬᠢᠶᠠᠭᠴᠢ᠄ ᠯᠢᠦᠶ ᠮᠢᠨ                       ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3