ᠹᠧᠩᠵᠧᠨ ᠬᠤᠲᠠ ᠶᠢᠨ 1 — 5 ᠳ᠋ᠤᠭᠠᠷ ᠰᠠᠷ᠎ᠠ ᠶᠢᠨ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠤᠬᠳᠠᠭᠤᠨ ᠪᠠᠶᠢᠨ᠎ᠠ
ᠨᠡᠶᠢᠲᠡᠯᠡᠭᠰᠡᠨ ᠴᠠᠭ᠄
2020-06-02
   ᠡᠨᠡ ᠵᠢᠯ ᠠᠴᠠ ᠨᠠᠰᠢ᠂ ᠮᠠᠨ ᠤ ᠬᠤᠲᠠ ᠶᠢᠨ ᠦᠢᠯᠡᠰ ᠪᠣᠰᠬᠠᠵᠤ ᠠᠵᠢᠯ ᠣᠯᠭᠤᠬᠤ ᠠᠵᠢᠯ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠤᠯᠠᠭᠠᠨᠴᠠᠪ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠬᠤᠷᠠᠯ ᠪᠠ ᠠᠵᠢᠯ ᠣᠯᠵᠤ ᠦᠢᠯᠡᠰ ᠪᠣᠰᠬᠠᠬᠤ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ  ᠨᠠᠶᠢᠳᠠᠪᠤᠷᠢᠵᠢᠭᠤᠯᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠳᠠ ᠶᠣᠰᠣᠭᠠᠷ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠪᠣᠯᠤᠨ ᠢᠳᠡᠪᠬᠢᠲᠡᠶ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠢᠯ ᠤᠨ ᠭᠤᠤᠯᠳᠠᠯᠭ᠎ᠠ ᠪᠣᠯᠤᠨ ᠪᠠᠭᠤᠷᠠᠶ ᠲᠠᠯ᠎ᠠ ᠶᠢ ᠠᠩᠬᠠᠷᠴᠤ᠂ ᠠᠵᠢᠯ ᠤᠨ ᠬᠠᠨᠳᠤᠯᠭᠠᠲᠤ ᠴᠢᠨᠠᠷ ᠢ ᠨᠡᠮᠡᠭᠳᠡᠭᠦᠯᠵᠦ᠂ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠳᠤᠷ ᠬᠢᠵᠦ᠂ ᠨᠠᠩ ᠴᠢᠨᠠᠷ ᠰᠠᠶᠢᠲᠠᠢ ᠠᠵᠢᠯ ᠣᠯᠭᠤᠯᠲᠠ ᠪᠠ ᠨᠠᠩ ᠭᠦᠢᠴᠡᠳ ᠠᠵᠢᠯ ᠣᠯᠭᠤᠯᠲᠠ ᠶᠢ ᠴᠢᠷᠮᠠᠶᠢᠨ ᠠᠬᠢᠭᠤᠯᠵᠤ᠂ ᠮᠠᠨ ᠤ ᠬᠤᠲᠠ ᠶᠢᠨ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ  ᠪᠠᠳᠤᠯᠠᠪᠠ᠃    ᠭᠤᠣᠯ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ᠄    5 ᠰᠠᠷ᠎ᠠ ᠶᠢᠨ ᠡᠴᠦᠰ ᠪᠣᠯᠲᠠᠯ᠎ᠠ᠂ ᠬᠤᠲᠠ ᠪᠠᠯᠭᠠᠰᠤᠨ ᠤ 1027 ᠬᠥᠮᠦᠨ ᠳᠤ ᠰᠢᠨ᠎ᠡ ᠪᠠᠷ ᠠᠵᠢᠯ ᠣᠯᠭᠤᠵᠤ ᠂ ᠬᠤᠲᠠ ᠶᠢᠨ ᠲᠣᠪᠴᠢᠶ᠎ᠠ ᠶᠢᠨ 2300 ᠬᠥᠮᠦᠨ ᠳᠤ ᠠᠵᠢᠯ ᠤᠯᠭᠤᠬᠤ ᠡᠭᠦᠷᠭᠡ ᠶᠢᠨ 45% ᠶᠢ ᠪᠡᠶᠡᠯᠡᠭᠦᠯᠪᠡ︔ ᠠᠵᠢᠯ ᠠᠯᠳᠠᠬᠰᠠᠨ 142 ᠬᠥᠮᠦᠨ ᠳᠤ ᠳᠠᠬᠢᠨ ᠠᠵᠢᠯ ᠣᠯᠭᠤᠵᠤ᠂ ᠬᠤᠲᠠ ᠶᠢᠨ ᠲᠣᠪᠴᠢᠶᠠᠨ ᠤ 690 ᠬᠥᠮᠦᠨ ᠤ 21% ᠶᠢ ᠪᠡ ᠶᠡᠯᠡᠭᠦᠯᠪᠡ︔ 227 ᠬᠥᠮᠦᠨ ᠳᠤ ᠠᠵᠢᠯ ᠣᠯᠭᠤᠵᠤ᠂ ᠬᠤᠲᠠ ᠶᠢᠨ ᠲᠣᠪᠴᠢᠶᠠᠨ ᠤ 450 ᠬᠥᠮᠦᠨ ᠳᠤ ᠠᠵᠢᠯ ᠤᠯᠭᠤᠬᠤ ᠡᠭᠦᠷᠭᠡ ᠶᠢᠨ 50% ᠶᠢ ᠪᠡᠶᠡᠯᠡᠭᠦᠯᠪᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ  ᠬᠢᠵᠠᠭᠠᠷᠯᠠᠪᠠ᠃    ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ 20100 ᠬᠦᠮᠦᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠶᠢᠨ ᠲᠣᠪᠴᠢᠶ᠎ᠠ ᠶᠢᠨ 41000 ᠬᠥᠮᠦᠨ ᠤ ᠡᠭᠦᠷᠭᠡ ᠶᠢᠨ 49% ᠶᠢ ᠪᠡᠶᠡᠯᠡᠭᠦᠯᠪᠡ︔ ᠡᠭᠦᠨ ᠳᠤ 6 ᠰᠠᠷ᠎ᠠ ᠠᠴᠠ ᠳᠡᠭᠡᠭᠰᠢ 17117 ᠬᠥᠮᠦᠨ ᠢ ᠰᠢᠯᠵᠢᠭᠦᠯᠵᠦ᠂ ᠬᠤᠲᠠ ᠶᠢᠨ ᠲᠣᠪᠴᠢᠶ᠎ᠠ ᠶᠢᠨ 33000 ᠬᠥᠮᠦᠨ ᠤ ᠡᠭᠦᠷᠭᠡ ᠶᠢᠨ 32% ᠢ ᠪᠡᠶᠡᠯᠡᠬᠦᠯᠪᠡ᠃    ᠬᠤᠲᠠ ᠪᠠᠯᠭᠠᠰᠤᠨ ᠤ 552 ᠬᠥᠮᠦᠨ ᠳᠤ ᠠᠵᠢᠯ ᠣᠯᠭᠤᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ ᠬᠤᠲᠠ ᠶᠢᠨ ᠲᠣᠪᠴᠢᠶ᠎ᠠ ᠶᠢᠨ ᠪᠠᠭᠤᠯᠭᠠᠭᠰᠠᠨ660 ᠬᠥᠮᠦᠨ ᠤ ᠡᠭᠦᠷᠭᠡ ᠶᠢᠨ 84% ᠶᠢ ᠪᠡᠶᠡᠯᠡᠭᠦᠯᠪᠡ︔ ᠲᠠᠷᠢᠶᠠᠴᠢᠨ ᠬᠦᠴᠦ ᠶᠠᠪᠤᠭᠰᠠᠳ2775 ᠬᠥᠮᠦᠨ ᠳᠤ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ 750 ᠬᠥᠮᠦᠨ  ᠤ ᠡᠭᠦᠷᠭᠡ ᠶᠢᠨ 370% ᠶᠢ ᠪᠡᠶᠡᠯᠡᠭᠦᠯᠪᠡ᠃    ᠠᠳᠠᠯ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ 53 ᠲᠦᠮᠡᠨ ᠲᠥᠭᠦᠷᠢᠭ ᠲᠠᠯᠪᠢᠵᠤ᠂ 800 ᠲᠦᠮᠡᠨ ᠲᠥᠭᠦᠷᠢᠭ ᠤᠨ ᠡᠭᠦᠷᠭᠡ ᠶᠢᠨ 7% ᠶᠢ ᠪᠡᠶᠡᠯᠡᠭᠦᠯᠪᠡ᠃                       ᠵᠣᠬᠢᠶᠠᠭᠴᠢ᠄ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ                        ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3