| ᠮᠠᠨ ᠤ ᠬᠤᠲᠠ ᠶᠢᠨ ᠥᠷᠭᠡᠨ ᠣᠯᠠᠨ ᠵᠠᠯᠠᠭᠤᠴᠤᠳ ᠲᠤ ᠠᠵᠢᠯ ᠣᠯᠭᠤᠬᠤ ᠵᠢᠴᠢ ᠰᠢᠯᠭᠠᠯᠲᠠ ᠳᠤ | ᠪᠡᠯᠡᠳᠬᠡᠬᠦ᠂ ᠠᠵᠢᠯ ᠤᠯᠭᠤᠬᠤ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ ᠵᠠᠯᠠᠭᠤᠴᠤᠳ ᠤᠨ ᠠᠵᠢᠯ | ᠣᠯᠭᠤᠯᠲᠠ ᠶᠢ ᠠᠬᠢᠭᠤᠯᠵᠤ᠂ 6 ᠰᠠᠷ᠎ᠠ ᠶᠢᠨ 17 ᠤ ᠡᠳᠦᠷ᠂ ᠹᠧᠩᠵᠧᠨ ᠬᠤᠳᠠ ᠶᠢᠨ ᠬᠦᠳᠡᠯᠮᠦᠷᠢ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠳᠤᠮᠳᠠᠳᠤ ᠤᠯᠤᠰ ᠤᠨ ᠠᠯᠪᠠᠨ ᠤ ᠰᠤᠷᠭᠠᠨ ᠬᠥᠮᠦᠵᠢᠯ ᠲᠠᠢ ᠬᠠᠮᠳᠤᠷᠠᠨ | ᠨᠢᠭᠡ ᠡᠳᠦᠷ ᠤᠨ ᠬᠤᠭᠤᠴᠠᠭ᠎ᠠ ᠲᠠᠢ ᠠᠯᠪᠠᠲᠠᠨ ᠤ ᠰᠢᠯᠭᠠᠯᠲᠠ ᠳᠤ ᠨᠡᠷ᠎ᠡ ᠮᠡᠳᠡᠭᠦᠯᠦᠨ ᠵᠢᠯᠣᠭᠤᠳᠬᠤ ᠨᠡᠶᠢᠳᠠ ᠶᠢᠨ | ᠠᠰᠠᠷᠠᠮᠵᠢ ᠶᠢᠨ ᠲᠠᠶᠢᠯᠤᠮᠵᠢ ᠶᠢ ᠡᠷᠬᠢᠯᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠭᠤᠤᠯ ᠠᠭᠤᠯᠭ᠎ᠠ ᠨᠢ | ᠰᠢᠯᠭᠠᠯᠲᠠ ᠶᠢᠨ ᠪᠠᠶᠢᠳᠠᠯ ᠤᠨ ᠵᠠᠳᠠᠯᠤᠯᠲᠠ᠂ ᠠᠵᠢᠯ ᠤᠨ ᠪᠠᠶᠢᠷᠢ ᠶᠢᠨ ᠰᠣᠩᠭᠤᠯᠲᠠ᠂ ᠨᠡᠷ᠎ᠡ ᠮᠡᠳᠡᠭᠦᠯᠬᠦ | ᠵᠢᠯᠣᠭᠤᠳᠣᠯᠭ᠎ᠠ ᠵᠢᠴᠢ ᠮᠠᠭᠠᠳᠯᠠᠯᠲᠠ ᠶᠢᠨ ᠵᠦᠢᠴᠢᠯᠡᠯ᠂ ᠦᠭᠡ ᠬᠡᠯᠡᠨ ᠤ ᠣᠶᠢᠯᠠᠭᠠᠯᠲᠠ ᠪᠠ ᠢᠯᠡᠳᠬᠡᠯᠲᠡ᠂ | ᠥᠭᠦᠯᠡᠨ ᠲᠣᠭᠠᠴᠢᠬᠤ ᠵᠡᠷᠭᠡ ᠲᠠᠯ᠎ᠠ ᠶᠢᠨ ᠮᠠᠳᠠᠭ ᠲᠠᠢ ᠵᠦᠢᠯ ᠢ ᠲᠠᠶᠢᠯᠪᠦᠷᠢᠯᠠᠬᠤ ᠵᠡᠷᠭᠡ ᠪᠤᠯᠤᠨ᠎ᠠ᠃ | ᠠᠵᠢᠯᠯᠠᠭ᠎ᠠ ᠶᠢᠨ ᠬᠤᠭᠤᠴᠠᠭᠠᠨ ᠳᠤ ᠲᠤᠬᠠᠶ ᠶᠢᠨ ᠲᠠᠯᠠᠪᠤᠷ ᠲᠤ ᠬᠦᠷᠴᠦ 2020 ᠤᠨ ᠤ ᠥᠪᠥᠷ ᠮᠣᠩᠭᠤᠯ ᠤᠨ | ᠠᠯᠪᠠᠲᠠᠨ ᠤ ᠰᠢᠯᠭᠠᠯᠲᠠ ᠶᠢᠨ ᠲᠡᠮᠳᠡᠭᠯᠡᠯ ᠰᠤᠷᠤᠯᠴᠠᠬᠤ ᠮᠠᠲ᠋ᠧᠷᠢᠶᠠᠯ ᠢ ᠬᠦᠷᠭᠡᠨ ᠥᠭᠴᠦ᠂ ᠪᠠᠰᠠ ᠵᠢᠷᠤᠭ ᠲᠠᠬᠢ | ᠬᠤᠶᠠᠷ ᠬᠡᠮᠵᠢᠯᠳᠦ ᠺᠣᠳ᠋ ᠢ ᠰᠢᠷᠪᠢᠵᠦ ᠤᠷᠢᠳᠴᠢᠯᠠᠨ ᠪᠣᠯᠵᠣᠭᠠᠳ ᠰᠦᠢᠳᠭᠡᠯ ᠬᠤᠷᠢᠶᠠᠬᠤ ᠥᠬᠡᠶ ᠪᠠᠷ ᠮᠠᠲ᠋ᠧᠷᠢᠶᠠᠯ | ᠠᠪᠴᠤ ᠪᠣᠯᠤᠨ᠎ᠠ᠃ ᠮᠠᠨ ᠤ ᠬᠤᠲᠠ ᠶᠢᠨ ᠲᠡᠭᠦᠰᠬᠦ ᠤᠶᠤᠲᠠᠳ᠂ ᠨᠢᠭᠡᠨᠳᠡ ᠲᠡᠭᠦᠰᠦᠭᠰᠡᠨ ᠤᠶᠤᠲᠠᠳ | ᠪᠣᠯᠪᠠᠰᠤᠷᠠᠯ ᠳᠤ ᠤᠷᠤᠯᠴᠠᠬᠰᠠᠨ ᠪᠠ ᠪᠣᠯᠪᠠᠰᠤᠷᠠᠯ ᠢᠶᠠᠷ ᠳᠠᠮᠵᠢᠨ ᠤᠶᠤᠲᠠᠳ ᠤᠨ ᠰᠢᠯᠭᠠᠯᠲᠠ ᠳᠤ ᠣᠷᠣᠯᠴᠠᠬᠤ | ᠴᠢᠳᠠᠪᠤᠷᠢ ᠶᠢ ᠳᠡᠭᠡᠭᠰᠢᠯᠡᠭᠦᠯᠬᠦ ᠶᠢ ᠬᠦᠰᠡᠵᠦ ᠪᠠᠢᠨ᠎ᠠ᠃ | | ᠵᠣᠬᠢᠶᠠᠭᠴᠢ᠄ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ | ᠤᠷᠴᠢᠭᠤᠯᠤᠬᠴᠢ᠄ ᠼᠦᠢ ᠶᠢᠩ |