| ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠵᠠᠰᠠᠭ ᠤᠨ | ᠣᠷᠳᠣᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ | ᠳᠤᠭᠤᠶᠢᠯᠠᠩ ᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ ᠣᠶᠢᠷ᠎ᠠ ᠳᠤ᠂ ᠮᠠᠨ ᠤ ᠬᠤᠲᠠ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠳᠠ ᠶᠢᠨ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ | ᠳᠠᠷᠤᠭ᠎ᠠ ᠵᠠᠩ ᠬᠤᠩ ᠬᠤᠷᠠᠯ ᠢ ᠡᠷᠬᠢᠯᠡᠭᠰᠡᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠪᠡ᠃ | | ᠬᠤᠷᠠᠯ ᠳᠡᠭᠡᠷ᠎ᠡ᠂ ᠮᠠᠨ ᠤ ᠬᠤᠲᠠ ᠶᠢᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂ ᠲᠤᠭ᠎ᠠ ᠪᠦᠷᠢᠳᠬᠡᠯ ᠤᠨ | ᠲᠣᠪᠴᠢᠶᠠᠨ ᠤ ᠳᠠᠷᠤᠭ᠎ᠠ ᠸᠠᠩ ᠪᠦᠦ ᠰᠢᠶᠠᠩ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠡᠯᠡᠳᠬᠡᠯ ᠠᠵᠢᠯ ᠤᠨ | ᠪᠠᠶᠢᠳᠠᠯ ᠢᠶᠠᠨ ᠬᠠᠷᠢᠭᠤ ᠮᠡᠳᠡᠭᠦᠯᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠪᠣᠳᠠᠲᠠᠢ ᠠᠵᠢᠯ ᠢ ᠲᠤᠬᠢᠷᠠᠭᠤᠯᠪᠠ᠃ | ᠬᠤᠷᠠᠯ ᠠᠴᠠ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ | ᠦᠷᠨᠢᠬᠦᠯᠬᠦ ᠪᠤᠯ ᠲᠥᠷᠥ ᠶᠢᠨ ᠶᠠᠪᠤᠳᠠᠯ ᠤᠨ ᠬᠤᠷᠢᠶᠠᠨ ᠤ ᠭᠠᠷᠭᠠᠭᠰᠠᠨ ᠴᠢᠬᠤᠯᠠ ᠰᠢᠢᠳᠪᠦᠷᠢᠳᠤ ᠪᠣᠳᠣᠯᠭ᠎ᠠ ᠶᠢᠨ | ᠪᠠᠶᠢᠷᠢᠯᠠᠭᠤᠯᠤᠯᠳᠠ ᠪᠣᠯᠤᠨ᠎ᠠ᠃ ᠤᠯᠤᠰ ᠤᠨ ᠵᠠᠰᠠᠯᠲᠠ ᠶᠢᠨ ᠴᠢᠳᠠᠪᠤᠷᠢ ᠪᠣᠯᠤᠨ ᠵᠠᠰᠠᠯᠲᠠ ᠶᠢᠨ ᠰᠢᠰᠲ᠋ᠧᠮ ᠤᠨ | ᠣᠳᠣᠬᠢᠴᠢᠯᠠᠯᠲᠠ ᠳᠤ ᠬᠦᠴᠦᠨ ᠨᠠᠮᠡᠷᠢᠯᠡᠬᠦ ᠪᠦᠲᠦᠮᠵᠢᠲᠡᠢ ᠠᠷᠭ᠎ᠠ ᠬᠡᠮᠵᠢᠶ᠎ᠡ ᠮᠥᠨ᠂ ᠪᠠᠰᠠ ᠴᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠲᠦᠯᠦᠪᠵᠢᠭᠦᠯᠭᠡ ᠶᠢ ᠲᠥᠯᠥᠪᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ | ᠲᠤᠯᠭᠠᠭᠤᠷᠢᠯᠠᠯ ᠮᠥᠨ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ | ᠴᠢᠬᠤᠯᠠ ᠶᠡᠭᠡ ᠪᠠᠶᠢᠴᠠᠭᠠᠯᠳᠠ ᠪᠣᠯᠤᠨ᠎ᠠ᠂ ᠡᠩᠬᠡ ᠲᠠᠶᠢᠪᠤᠩ ᠴᠠᠭ ᠦᠶ᠎ᠡ ᠶᠢᠨ ᠬᠠᠮᠤᠭ ᠤᠨ ᠶᠡᠭᠡ ᠨᠡᠶᠢᠭᠡᠮ ᠤᠨ | ᠳᠠᠶᠢᠴᠢᠯᠠᠯᠲᠠ ᠪᠠᠶᠢᠵᠤ᠂ ᠬᠥᠮᠦᠨ ᠨᠢᠭᠡᠪᠦᠷᠢ᠂ ᠭᠡᠷ ᠪᠦᠯᠢ ᠨᠢᠭᠡᠪᠦᠷᠢ ᠵᠢᠴᠢ ᠨᠡᠶᠢᠭᠡᠮ ᠤᠨ ᠡᠯ᠎ᠡ ᠲᠠᠯ᠎ᠠ ᠳᠤ ᠬᠤᠯᠪᠣᠭᠳᠠᠵᠤ᠂ | ᠨᠡᠶᠢᠭᠡᠮ ᠤᠨ ᠡᠯ᠎ᠡ ᠡᠲᠡᠭᠡᠳ ᠵᠢᠴᠢ ᠣᠯᠠᠨ ᠨᠡᠶᠢᠲᠡ ᠶᠢᠨ ᠣᠶᠢᠯᠠᠭᠠᠯᠲᠠ᠂ ᠳᠡᠮᠵᠢᠯᠭᠡ ᠪᠠ ᠬᠠᠮᠵᠢᠯᠴᠠᠭ᠎ᠠ ᠶᠢ ᠱᠠᠭᠠᠷᠳᠠᠨ᠎ᠠ | ᠬᠡᠵᠦ ᠵᠢᠭᠠᠨ ᠭᠠᠷᠭᠠᠪᠠ᠃ | | ᠬᠤᠷᠠᠯ ᠠᠴᠠ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ | ᠦᠷᠨᠢᠬᠦᠯᠬᠦ ᠳᠤ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠲᠡᠭᠡᠳᠤ ᠬᠡᠮᠵᠢᠶ᠎ᠡ ᠪᠠᠷ | ᠴᠢᠬᠤᠯᠠᠴᠢᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠳᠤ ᠰᠡᠳᠬᠢᠯᠭᠡ ᠪᠠ ᠲᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ︔ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠪᠣᠳᠠᠲᠠᠶ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ︔ | ᠬᠠᠮᠲᠤᠪᠠᠷ ᠬᠠᠮᠵᠢᠯᠴᠠᠵᠤ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠣᠳᠠᠲᠠᠶ ᠠᠳᠬᠤᠵᠤ ᠨᠠᠷᠢᠯᠢᠭ ᠠᠳᠬᠤᠵᠤ ᠦᠷ᠎ᠡ | ᠪᠦᠲᠦᠮᠵᠢ ᠭᠠᠷᠭᠠᠬᠤ ᠬᠡᠷᠡᠭᠲᠡᠶ ᠬᠡᠵᠦ ᠱᠠᠭᠠᠷᠳᠠᠪᠠ᠃ | ᠵᠣᠬᠢᠶᠠᠭᠴᠢ᠄ ᠯᠢᠦᠶ ᠮᠢᠨ | ᠤᠷᠴᠢᠭᠤᠯᠤᠬᠴᠢ᠄ ᠼᠦᠢ ᠶᠢᠩ |