ᠹᠧᠩᠵᠧᠨ ᠬᠤᠲᠠ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2020-06-30
      33 ᠳ᠋ᠤᠭᠠᠷ ︽6.26︾ ᠤ ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ᠂ ᠠᠷᠠᠳ ᠣᠯᠠᠨ ᠤ ᠬᠤᠤᠷ ᠢ ᠲᠠᠨᠢᠬᠤ᠂ ᠬᠤᠤᠷ ᠢ ᠰᠡᠷᠭᠡᠶᠢᠯᠡᠬᠦ᠂ ᠬᠤᠤᠷ ᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠤᠷ ᠴᠠᠭᠠᠵᠠᠯᠠᠬᠤ ᠤᠬᠠᠭᠤᠯᠭ᠎ᠠ ᠶᠢᠨ ᠡᠷᠴᠢᠮ ᠢ ᠴᠢᠩᠬᠠᠷᠠᠭᠤᠯᠬᠤ ᠪᠠ ᠬᠤᠣᠷᠲᠤ ᠡᠳ᠋ ᠢ ᠴᠠᠭᠠᠵᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠬᠤᠣᠷᠲᠤ ᠡᠳ᠋ ᠤᠨ ᠬᠤᠣᠷ ᠬᠥᠨᠥᠭᠡᠯᠲᠦ ᠴᠢᠨᠠᠷ ᠢ  ᠤᠶᠢᠯᠠᠭᠠᠭᠤᠯᠵᠦ ᠂ ᠠᠷᠠᠳ ᠣᠯᠠᠨ ᠤ ᠰᠡᠳᠬᠢᠴᠡ ᠶᠢᠨ ᠰᠡᠷᠭᠡᠶᠢᠯᠡᠬᠦ ᠴᠢᠳᠠᠪᠤᠷᠢ ᠪᠣᠯᠤᠨ ᠬᠤᠤᠷ ᠴᠠᠭᠠᠵᠠᠯᠠᠬᠤ ᠦᠵᠡᠯ ᠤᠬᠠᠮᠰᠠᠷ ᠢ ᠲᠡᠭᠡᠭᠰᠢᠯᠡᠬᠦᠯᠬᠦ ᠶᠢᠨ ᠲᠦᠯᠦᠭᠡ᠂ ᠹᠧᠩᠵᠧᠨ ᠬᠤᠲᠠ ᠶᠢᠨ ᠬᠤᠤᠷ ᠴᠠᠭᠠᠵᠠᠯᠠᠬᠤ ᠵᠥᠪᠯᠡᠯ ᠤᠨ ᠠᠯᠪᠠᠨ ᠭᠡᠷ ᠲᠦᠷᠦᠭᠦᠯᠡᠨ᠂ ᠹᠧᠩᠵᠧᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ ᠲᠠᠢ ᠬᠠᠮᠳᠤᠷᠠᠯᠴᠠᠨ᠂ ᠠᠷᠠᠳ ᠤᠨ ᠴᠠᠭᠳᠠᠭ᠎ᠠ ᠪᠠ ᠲᠤᠰᠠᠯᠠᠬᠤ ᠴᠠᠭᠳᠠᠭ᠎ᠠ ᠶᠢ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠳᠤ ᠬᠦᠨᠵᠡᠭᠡᠶᠢᠷᠡᠨ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠪᠡ᠃ ᠠᠵᠢᠯᠯᠠᠭ᠎ᠠ ᠨᠢ ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠤᠬᠠᠭᠤᠯᠬᠤ ᠮᠠᠲ᠋ᠧᠷᠢᠶᠠᠯ ᠲᠠᠷᠬᠠᠭᠠᠬᠤ᠂ ᠬᠤᠤᠷ ᠴᠠᠭᠠᠵᠠᠯᠠᠬᠤ ᠮᠡᠳᠡᠯᠭᠡ ᠶᠢ ᠨᠢᠭᠤᠷᠲᠠᠨ ᠲᠦᠭᠡᠮᠡᠯᠵᠢᠭᠦᠯᠬᠦ ᠵᠡᠷᠭᠡ ᠪᠣᠳᠠᠲᠤ ᠪᠠᠶᠢᠳᠠᠯ ᠳᠤ ᠤᠶᠢᠷᠠᠳᠬᠤ᠂ ᠠᠮᠢᠳᠤᠷᠠᠯ ᠳᠤ ᠤᠶᠢᠷᠠᠳᠬᠤ᠂ ᠣᠯᠠᠨ ᠲᠦᠮᠡᠨ ᠳᠤ ᠤᠶᠢᠷᠠᠳᠬᠤ ᠵᠡᠷᠭᠡ ᠠᠷᠭ᠎ᠠ ᠮᠠᠶ᠋ᠢᠭ ᠢ ᠠᠪᠴᠤ᠂ ᠠᠷᠠᠳ ᠣᠯᠠᠨ ᠳᠤ ᠬᠤᠣᠷ ᠴᠠᠭᠠᠵᠠᠯᠠᠬᠤ ᠤᠬᠠᠭᠤᠯᠭ᠎ᠠ ᠬᠢᠵᠦ᠂ ᠬᠤᠤᠷᠲᠤ ᠡᠳ᠋ ᠤᠨ ᠣᠨᠴᠠᠯᠢᠭ ᠰᠢᠨᠵᠢ᠂ ᠲᠥᠷᠥᠯ ᠵᠦᠢᠯ ᠵᠢᠴᠢ ᠬᠤᠤᠷ ᠬᠥᠨᠥᠭᠡᠯ ᠢ ᠨᠠᠷᠢᠨ ᠲᠠᠨᠢᠯᠴᠠᠭᠤᠯᠵᠤ᠂ ᠰᠣᠨᠣᠷ ᠰᠡᠷᠡᠮᠵᠢ ᠪᠠᠨ ᠲᠡᠭᠡᠭᠰᠢᠯᠡᠬᠦᠯᠦᠨ᠂ ᠬᠤᠤᠷᠲᠤ ᠡᠳ᠋ ᠢ ᠴᠠᠭᠠᠵᠠᠯᠠᠬᠤ ᠦᠵᠡᠯ ᠤᠬᠠᠮᠰᠠᠷ ᠢᠶᠠᠨ ᠴᠢᠩᠭᠠᠳᠬᠠᠵᠤ᠂ ᠬᠤᠤᠷᠲᠤ ᠡᠳ᠋ ᠤᠨ ᠬᠤᠤᠷ ᠬᠥᠨᠥᠭᠡᠯ ᠢ ᠲᠤᠳᠤᠷᠬᠠᠢ ᠲᠠᠨᠢᠨ᠂ ᠬᠤᠤᠷᠲᠤ ᠡᠳ᠋ ᠠᠴᠠ ᠬᠤᠯᠠ ᠵᠠᠶᠢᠳᠠᠬᠤ ᠶᠢ ᠰᠠᠨᠠᠭᠠᠴᠢᠯᠠᠪᠠ᠃ ᠬᠤᠣᠷ ᠴᠠᠭᠠᠵᠠᠯᠠᠬᠤ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠹᠧᠩᠵᠧᠨ ᠬᠤᠲᠠ ᠶᠢᠨ ᠬᠤᠤᠷᠲᠤ ᠡᠳ᠋ ᠢ ᠴᠠᠭᠠᠵᠠᠯᠠᠬᠤ ᠠᠯᠪᠠᠨ ᠬᠡᠷ᠂ ᠹᠧᠩᠵᠧᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠲᠠ ᠶᠢᠨ ᠳᠣᠲᠣᠷᠠᠬᠢ ᠡᠯ᠎ᠡ ᠰᠤᠷᠭᠠᠭᠤᠯᠢ᠂ ᠨᠡᠶᠢᠭᠡᠮ ᠲᠣᠭᠤᠷᠢᠭ᠂ ᠦᠢᠯᠡᠳᠪᠦᠷᠢ᠂ ᠬᠥᠳᠡᠭᠡ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠨ᠂ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ︽ᠡᠷᠡᠭᠦᠯ ᠴᠢᠭᠢᠷᠠᠭ ᠬᠥᠮᠦᠨ ᠤ ᠠᠮᠢᠳᠤᠷᠠᠯ᠂ ᠪᠣᠬᠢᠷᠲᠤᠯ ᠥᠬᠡᠶ ᠬᠤᠤᠷ ᠥᠬᠡᠶ︾ ᠪᠠᠷ ᠭᠤᠤᠯ ᠰᠡᠳᠦᠪ ᠪᠣᠯᠭᠠᠭᠰᠠᠨ ᠬᠤᠤᠷ ᠴᠠᠭᠠᠵᠠᠯᠠᠬᠤ ᠤᠬᠠᠭᠤᠯᠭ᠎ᠠ ᠬᠥᠮᠦᠵᠢᠯ ᠢ ᠰᠠᠶᠢᠳᠤᠷ ᠦᠷᠨᠢᠬᠦᠯᠪᠡ᠃                                                               ᠤᠷᠴᠢᠭᠤᠯᠤᠬᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3