ᠹᠧᠩᠵᠧᠨ ᠬᠤᠲᠠ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠢᠩᠭᠢᠵᠦ ᠪᠡᠯᠭᠡᠯᠡᠨ᠎ᠡ ᠁
ᠨᠡᠶᠢᠲᠡᠯᠡᠭᠰᠡᠨ ᠴᠠᠭ᠄
2020-06-30
    ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠤᠢ ᠮᠥᠨ᠂ ᠪᠠᠰᠠ ᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠲᠠᠶᠢᠨ ᠤ ᠢᠯᠠᠯᠲᠠ ᠶᠢ ᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠴᠦᠰ ᠤᠨ ᠵᠢᠯ ᠮᠥᠨ᠃ ᠨᠠᠮ ᠤᠨ ᠲᠥᠷᠥᠭᠰᠡᠨ ᠡᠳᠦᠷ ᠢ ᠳᠤᠷᠠᠰᠬᠠᠵᠤ᠂ ᠨᠠᠮ ᠤᠨ ᠰᠢᠯᠢᠳᠡᠭ ᠤᠯᠠᠮᠵᠢᠯᠠᠯ ᠢ ᠤᠯᠠᠮ ᠨᠢᠭᠡ ᠠᠯᠬᠤᠮ  ᠵᠠᠯᠭᠠᠮᠵᠢᠯᠠᠨ ᠪᠠᠳᠠᠷᠠᠭᠤᠯᠵᠦ᠂ ᠪᠦᠬᠦ ᠬᠤᠲᠠ ᠶᠢᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠤ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ᠂ ᠡᠶ᠎ᠡ ᠵᠣᠬᠢᠴᠠᠯ ᠲᠠᠢ ᠪᠠᠷ ᠤᠷᠤᠭᠰᠢᠯᠠᠨ ᠳᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠬᠤ ᠶᠢᠨ ᠲᠦᠯᠦᠭᠡ᠂ ︽ᠳᠣᠯᠣᠭᠠᠨ ᠰᠠᠷ᠎ᠠ ᠶᠢᠨ ᠨᠢᠭᠡᠨ︾ ᠤ ᠬᠦᠷᠴᠦ ᠢᠷᠡᠬᠦ ᠲᠠᠰᠢᠷᠠᠮ ᠳᠤ᠂ ᠹᠧᠩᠵᠧᠨ ᠬᠤᠲᠠ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠪᠡᠯᠭᠡᠯᠡᠬᠦ 13 ᠵᠦᠢᠯ ᠤᠨ ᠰᠢᠷᠢᠰ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃    ᠨᠢᠬᠡ᠂ ᠠᠬᠠᠮᠠᠳ ᠨᠠᠮ ᠤᠨ ᠭᠡᠰᠢᠭᠦᠨ ᠳᠤ ᠨᠢᠭᠡ ᠤᠳᠠᠭ᠎ᠠ ᠤᠯᠤᠰ ᠲᠥᠷᠥ ᠶᠢᠨ ᠲᠥᠷᠥᠭᠰᠡᠨ ᠡᠳᠦᠷ ᠤᠨ ᠪᠠᠶᠠᠷ ᠬᠢᠵᠦ ᠦᠭᠬᠦᠨ᠎ᠡ᠃    ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠬᠤ ᠶᠢ ᠭᠦᠢᠴᠡᠳ ᠬᠠᠷᠠᠭᠤᠯᠬᠤ ᠶᠢᠨ ᠲᠥᠯᠥᠭᠡ᠂ ᠠᠬᠠᠮᠠᠳ ᠨᠠᠮ ᠤᠨ ᠭᠡᠰᠢᠭᠦᠨ ᠳᠤ ᠨᠢᠭᠡ ᠤᠳᠠᠭᠠᠨ ᠤ ᠤᠯᠤᠰ ᠲᠥᠷᠥ ᠶᠢᠨ ᠲᠥᠷᠥᠭᠰᠡᠨ ᠡᠳᠦᠷ ᠤᠨ ᠪᠠᠶᠠᠷ ᠢ ᠪᠡᠯᠭᠡᠯᠡᠨ ᠦᠭᠴᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ ᠰᠤᠷᠤᠯᠴᠠᠬᠤ ᠮᠠᠲ᠋ᠧᠷᠢᠶᠠᠯ ᠢ ᠬᠦᠷᠭᠡᠨ᠎ᠡ᠃ ᠠᠬᠠᠮᠠᠳ ᠨᠠᠮ ᠤᠨ ᠭᠡᠰᠢᠭᠦᠨ ᠤ ᠶᠠᠫᠣᠨ ᠢ ᠡᠰᠡᠷᠭᠦᠴᠡᠭᠰᠡᠨ ᠦᠯᠢᠭᠡᠷ ᠢ ᠰᠣᠨᠣᠰᠴᠤ᠂ ᠠᠬᠠᠮᠠᠳ ᠨᠠᠮ ᠤᠨ ᠭᠡᠰᠢᠭᠦᠳ ᠲᠠᠢ ᠵᠣᠭᠤᠭᠳᠠᠨ᠂ ᠠᠮᠢᠳᠤᠷᠠᠯ ᠤᠨ ᠪᠠᠶᠢᠳᠠᠯ ᠪᠠ ᠰᠤᠷᠤᠯᠭ᠎ᠠ ᠶᠢᠨ ᠪᠠᠶᠢᠳᠠᠯ ᠢ ᠬᠠᠷᠢᠯᠴᠠᠨ ᠤᠶᠢᠯᠠᠭᠠᠯᠴᠠᠨ᠎ᠠ᠃ ᠨᠠᠮ ᠤᠨ ᠭᠡᠰᠢᠭᠦᠨ ᠤ ᠨᠠᠮ ᠤᠨ ᠡᠭᠦᠷ ᠢ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠤᠯᠠᠮ ᠨᠢᠬᠡ ᠠᠯᠬᠤᠮ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠠᠲᠠᠬᠤ ᠬᠦᠴᠦᠨ ᠢ ᠦᠨᠡᠨ ᠬᠦ ᠴᠢᠩᠭᠠᠳᠬᠠᠨ᠎ᠠ᠃    ᠬᠤᠶᠠᠷ᠂ ᠲᠥᠪᠯᠡᠷᠡᠭᠦᠯᠦᠨ ᠨᠢᠭᠡ ᠤᠳᠠᠭ᠎ᠠ ᠨᠠᠮ ᠤᠨ ᠬᠢᠴᠢᠶᠡᠯ ᠣᠷᠣᠨ᠎ᠠ  ᠃    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠲᠡᠤᠬᠡ ᠤᠯᠤᠰ ᠤᠨ ᠲᠡᠤᠬᠡ ᠵᠡᠷᠭᠡ ᠭᠤᠤᠯ ᠰᠡᠳᠦᠪ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠣᠭᠤᠷᠢᠨ ᠳᠤ᠂ ᠨᠠᠮ ᠤᠨ ᠰᠤᠷᠭᠠᠭᠤᠯᠢ ᠶᠢᠨ ᠭᠤᠤᠯᠯᠠᠭᠴᠢ ᠪᠠᠭᠰᠢ ᠶᠢ ᠵᠣᠬᠢᠶᠠᠨ ᠪᠠᠶᠢᠭᠤᠯᠵᠤ ᠨᠠᠮ ᠤᠨ ᠬᠢᠴᠢᠶᠡᠯ ᠬᠦᠷᠭᠡᠬᠦ ︽ᠵᠢᠷᠭᠤᠭᠠᠨ ᠣᠷᠣᠭᠤᠯᠬᠤ︾ ᠠᠵᠢᠯᠯᠠᠭ᠎ᠠ ᠶᠢ ᠥᠷᠨᠢᠭᠦᠯᠦᠨ᠎ᠡ᠃ ︽ᠲᠠᠪᠤᠨ ᠬᠦᠴᠦᠷᠬᠡᠭ︾ ᠨᠠᠮ ᠤᠨ ᠡᠭᠦᠷ ᠤᠨ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠤᠨ᠂ ᠡᠯ᠎ᠡ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠦᠷᠦᠭᠦᠯᠡᠨ ᠬᠠᠮᠢᠶᠠᠷᠴᠤ ᠪᠠᠶᠢᠭ᠎ᠠ ᠨᠢᠭᠡᠴᠡ ᠳᠤ ᠪᠠᠨ ᠭᠦᠨᠵᠡᠭᠡᠶᠢᠷᠡᠨ ᠦᠨᠳᠦᠰᠦᠨ ᠱᠠᠲᠤᠨ ᠤ ᠨᠠᠮ ᠤᠨ ᠭᠡᠰᠢᠭᠦᠨ ᠳᠤ ᠨᠢᠭᠡ ᠤᠳᠠᠭ᠎ᠠ ᠨᠠᠮ ᠤᠨ ᠬᠢᠴᠢᠶᠡᠯ ᠣᠷᠣᠵᠤ᠂ ᠤᠳᠤᠷᠢᠳᠬᠤ ᠺᠠᠳ᠋ᠷ ᠤᠨ ᠳᠠᠭᠠᠭᠤᠯᠤᠨ ᠰᠤᠷᠤᠯᠴᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠲᠦᠷᠪᠡᠨ ᠶᠡᠭᠡ ᠤᠳᠤᠷᠢᠳᠬᠤ ᠪᠠᠭ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠠᠳᠠᠭ ᠲᠠᠭᠠᠨ ᠨᠢᠭᠡ ᠬᠠᠷᠢᠯᠴᠠᠬᠤ ᠴᠡᠭ ᠲᠤ ᠭᠦᠨᠵᠡᠭᠡᠶᠢᠷᠡᠨ ᠨᠢᠬᠡ ᠤᠳᠠᠭ᠎ᠠ ᠲᠤᠰᠬᠠᠢ ᠰᠡᠳᠦᠪᠲᠦ ᠨᠠᠮ ᠤᠨ ᠬᠢᠴᠢᠶᠡᠯ  ᠤᠷᠤᠨ᠎ᠠ︔ ᠡᠯ᠎ᠡ ᠡᠭᠦᠷ ᠤᠨ ᠱᠦᠵᠢ ᠪᠠᠶᠢᠭ᠎ᠠ ᠨᠠᠮ ᠤᠨ ᠡᠭᠦᠷ ᠲᠡᠭᠡᠨ ᠨᠠᠮ ᠤᠨ ᠬᠢᠴᠢᠶᠡᠯ ᠨᠢᠭᠡ ᠤᠳᠠᠭ᠎ᠠ ᠶᠠᠷᠢᠵᠤ᠂ ᠳᠡᠷᠭᠡᠳᠡᠬᠢ ᠬᠡᠷᠡᠭ ᠤᠨ ᠵᠢᠱᠢᠶ᠎ᠡ ᠪᠠᠷ ᠢᠶᠠᠨ ᠲᠤᠬᠠᠶ ᠶᠢᠨ ᠭᠠᠵᠠᠷ ᠲᠤᠨᠢ ᠬᠡᠯᠡᠬᠦ ᠶᠢ ᠴᠢᠬᠤᠯᠠᠴᠢᠯᠠᠨ᠂ ᠨᠠᠮ ᠤᠨ ᠬᠢᠴᠢᠶᠡᠯ ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠭᠦᠨᠵᠡᠭᠡᠶ ᠪᠥᠭᠡᠳ ᠨᠡᠪᠲᠡᠷᠬᠡᠶ ᠶᠠᠷᠢᠵᠤ᠂ ᠨᠠᠮ ᠤᠨ ᠬᠢᠴᠢᠶᠡᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ  ᠪᠠᠳᠤᠯᠠᠨ᠎ᠠ᠃     ᠭᠤᠷᠪᠠ᠂ ᠨᠢᠭᠡ ᠤᠳᠠᠭᠠᠨ ᠤ ︽ᠭᠤᠤᠯ ᠰᠡᠳᠦᠪᠲᠦ ᠨᠠᠮ ᠤᠨ ᠡᠳᠦᠷ︾ ᠤᠨ ᠠᠵᠢᠯᠯᠠᠭ᠎ᠠ ᠶᠢ ᠦᠷᠨᠢᠬᠦᠯᠦᠨ᠎ᠡ᠃     ︽ᠲᠦᠮᠡᠨ ᠨᠠᠮ ᠤᠨ ᠭᠡᠰᠢᠭᠦᠨ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ ᠡᠷᠭᠢᠴᠡᠭᠦᠯᠬᠦ︾ ᠠᠵᠢᠯᠯᠠᠭ᠎ᠠ ᠦᠷᠨᠢᠭᠦᠯᠦᠨ᠎ᠡ︔ ᠡᠯ᠎ᠡ ᠡᠭᠦᠷ ᠤᠨ ᠬᠢᠨ ︽ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠰᠢᠷᠢᠰ ᠴᠢᠬᠤᠯᠠ ᠶᠠᠷᠢᠶ᠎ᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ︾ ᠶᠢ ᠵᠣᠬᠢᠶᠠᠨ ᠪᠠᠶᠢᠭᠤᠯᠤᠨ ᠰᠤᠷᠤᠯᠴᠠᠨ᠎ᠠ︔ ︽ᠲᠤᠬᠠᠢ ᠶᠢᠨ ᠦᠶ᠎ᠡ ᠳᠤ ᠶᠠᠭᠤᠨ ᠳᠤ ᠨᠠᠮ ᠳᠤ ᠤᠷᠤᠪᠠ᠂ ᠤᠳᠤ ᠨᠠᠮ ᠤᠨ ᠲᠥᠯᠥᠭᠡ ᠶᠠᠭᠤ ᠬᠢᠬᠦ ᠪᠤᠢ︖︾  ᠶᠢᠨ ᠲᠤᠭᠤᠷᠢᠨ ᠳᠤ ᠶᠠᠷᠢᠯᠴᠠᠬᠤ ᠬᠤᠷᠠᠯ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠢ ᠬᠦᠮᠦᠵᠢᠭᠦᠯᠦᠨ ᠵᠢᠯᠤᠭᠤᠳᠴᠦ᠂ ᠤᠭ ᠰᠠᠨᠠᠭ᠎ᠠ ᠪᠠᠨ ᠰᠠᠬᠢᠨ᠂ ᠤᠭ ᠰᠠᠨᠠᠭ᠎ᠠ ᠪᠠᠨ ᠦᠢᠯᠡᠳᠦᠯᠬᠡᠵᠢᠬᠦᠯᠵᠦ᠂ ᠳᠥᠷᠪᠡᠨ ᠤᠬᠠᠮᠰᠠᠷ ᠢᠶᠠᠨ ᠦᠨᠡᠨ ᠬᠦ ᠴᠢᠩᠭᠠᠳᠬᠠᠨ᠂ ︽ᠳᠥᠷᠪᠡᠨ ᠢᠲᠡᠭᠡᠯ ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠭᠤᠤᠯ ᠰᠡᠳᠤᠪᠳᠦ ᠨᠠᠮ ᠤᠨ ᠡᠳᠦᠷ︾ ᠢ ᠦᠨᠡᠨ ᠬᠦ ᠨᠠᠮ ᠤᠨ ᠭᠡᠰᠢᠭᠦᠨ ᠤ ᠤᠯᠤᠰ ᠲᠥᠷᠥ ᠶᠢᠨ ᠰᠤᠷᠤᠯᠴᠠᠯᠭ᠎ᠠ ᠶᠢᠨ ᠵᠢᠭᠰᠠᠭᠠᠯ ᠤᠨ ᠭᠠᠵᠠᠷ᠂ ᠦᠵᠡᠯ ᠰᠠᠨᠠᠭᠠᠨ ᠤ ᠰᠣᠯᠢᠯᠴᠠᠭᠠᠨ ᠤ ᠲᠠᠪᠴᠠᠩ᠂ ᠨᠠᠮᠴᠢ ᠴᠢᠨᠠᠷ ᠤᠨ ᠪᠣᠯᠪᠠᠰᠤᠷᠠᠯ ᠤᠨ ᠬᠠᠶᠢᠯᠤᠭᠤᠯᠬᠤ ᠵᠤᠤᠬ᠎ᠠ ᠪᠣᠯᠭᠠᠨ᠎ᠠ᠃      ᠲᠦᠷᠪᠡ᠂ ᠨᠢᠭᠡ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠨ᠎ᠡ᠃      ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦ ᠬᠤᠲᠠ ᠶᠢᠨ ᠨᠠᠮ ᠤᠨ ᠭᠡᠰᠢᠭᠦᠨ ᠺᠠᠳ᠋ᠷ ᠢ   ᠵᠤᠬᠢᠶᠠᠨ ᠪᠠᠶᠢᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠳᠤ ᠢᠯᠠᠯᠲᠠ ᠶᠢ ᠣᠯᠬᠤ ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠᠷ ᠭᠤᠤᠯ ᠠᠭᠤᠯᠭ᠎ᠠ ᠪᠣᠯᠭᠠᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ  ᠦᠷᠨᠢᠬᠦᠯᠦᠨ᠎ᠡ᠃ ᠬᠥᠳᠡᠭᠡ ᠲᠣᠰᠬᠤᠨ ᠤ ᠨᠠᠮ ᠤᠨ ᠭᠡᠰᠢᠭᠦᠨ ᠶᠠᠳᠠᠭᠤ ᠬᠦᠴᠢᠷᠳᠡᠯᠲᠡᠶ ᠡᠷᠦᠬᠡ ᠶᠢ ᠰᠤᠷᠪᠤᠯᠵᠢᠯᠠᠵᠤ᠂ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠰᠠᠭᠤᠭ᠎ᠠ ᠭᠠᠵᠠᠷ ᠤᠨ ᠬᠤᠯᠪᠣᠭᠠᠲᠤ ᠲᠣᠭᠤᠷᠢᠭ ᠲᠤ ᠠᠵᠢᠯᠯᠠᠭ᠎ᠠ ᠦᠷᠨᠢᠬᠦᠯᠵᠦ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠬᠦᠢᠴᠡᠳ  ᠪᠠᠳᠠᠷᠠᠭᠤᠯᠤᠨ᠎ᠠ᠃ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠳᠤᠷ᠎ᠠ ᠶᠢᠨ ᠦᠢᠯᠡᠴᠢᠯᠡᠬᠡᠨ ᠤ ᠵᠣᠷᠢᠭ ᠰᠠᠨᠠᠭ᠎ᠠ ᠶᠢ  ᠪᠠᠳᠠᠷᠠᠭᠤᠯᠤᠨ᠎ᠠ᠃     ᠲᠠᠪᠤ᠂ ᠨᠢᠭᠡ ᠤᠳᠠᠭᠠᠨ ᠤ ᠨᠠᠮ ᠤᠨ ᠲᠡᠦᠬᠡ ᠶᠢᠨ ᠮᠡᠳᠡᠯᠭᠡ ᠶᠢᠨ ᠰᠡᠳᠦᠪ ᠬᠠᠷᠢᠭᠤᠯᠬᠤ ᠠᠵᠢᠯᠯᠠᠭ᠎ᠠ ᠶᠢ  ᠦᠷᠨᠢᠬᠦᠯᠦᠨ᠎ᠡ᠃     ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠲᠠᠪᠴᠠᠩ ᠳᠡᠭᠡᠷ᠎ᠡ ᠥᠷᠨᠢᠭᠦᠯᠦᠭᠰᠡᠨ ︽ᠨᠠᠮ ᠪᠠᠶᠢᠭᠤᠯᠤᠭᠳᠠᠭᠰᠠᠨ 99 ᠵᠢᠯ ᠤᠨ ᠣᠶ ᠶᠢ ᠳᠤᠷᠠᠰᠬᠠᠬᠤ ᠨᠠᠮ ᠤᠨ ᠮᠡᠳᠡᠯᠭᠡ ᠶᠢᠨ ᠰᠡᠳᠦᠪ ᠬᠠᠷᠢᠭᠤᠯᠬᠤ︾ ᠠᠵᠢᠯᠯᠠᠭ᠎ᠠ ᠳᠤ ᠢᠳᠡᠪᠬᠢᠲᠡᠶ ᠤᠷᠤᠯᠴᠠᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠨᠠᠮ ᠤᠨ ᠶᠡᠷᠦ ᠶᠢᠨ ᠮᠡᠳᠡᠯᠭᠡ ᠶᠢᠨ ᠰᠢᠯᠭᠠᠯᠲᠠ᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠠᠵᠢᠯᠯᠠᠭ᠎ᠠ ᠶᠢ ᠠᠮᠢᠳᠤᠯᠢᠭ ᠦᠷᠨᠢᠬᠦᠯᠦᠨ᠎ᠡ᠃ ᠥᠷᠭᠡᠨ ᠤᠯᠠᠨ ᠨᠠᠮ ᠤᠨ ᠭᠡᠰᠢᠭᠦᠨ᠂ ᠤᠯᠠᠨ ᠲᠦᠮᠡᠨ ᠤ ᠭᠠᠶᠢᠬᠠᠮᠰᠢᠭᠲᠤ ᠤᠨ ᠰᠠᠷ᠎ᠠ ᠶᠢ ᠡᠷᠭᠢᠴᠡᠭᠦᠯᠬᠦ ᠶᠢ  ᠵᠤᠷᠢᠬᠵᠢᠭᠤᠯᠤᠨ᠂ ᠥᠷᠭᠡᠨ ᠤᠯᠠᠨ ᠨᠠᠮ ᠤᠨ ᠭᠡᠰᠢᠭᠦᠨ ᠪᠣᠯᠤᠨ ᠤᠯᠠᠨ ᠲᠦᠮᠡᠨ ᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠨ᠎ᠡ᠃     ᠵᠢᠷᠭᠤᠭ᠎ᠠ᠂ ᠨᠢᠭᠡ ᠤᠳᠠᠭᠠᠨ ᠤ ︽ᠨᠠᠮ ᠳᠤ ᠣᠷᠣᠬᠤ ᠨᠢᠭᠡᠳᠦᠭᠡᠷ ᠬᠢᠴᠢᠶᠡᠯ︾ ᠤᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠦᠷᠨᠢᠬᠦᠯᠦᠨ᠎ᠡ᠃     ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠬᠥᠭᠵᠢᠭᠦᠯᠬᠦ ᠡᠲᠡᠭᠡᠳ ᠢ ᠲᠤᠪᠯᠡᠷᠡᠭᠦᠯᠦᠨ ᠪᠣᠯᠪᠠᠰᠤᠷᠠᠭᠤᠯᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠪᠠᠷ ᠭᠤᠤᠯ ᠰᠢᠵᠢᠮ ᠪᠣᠯᠭᠠᠵᠤ᠂ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠ ᠨᠠᠮ ᠤᠨ ᠲᠡᠤᠬᠡ ᠶᠢᠨ ᠬᠥᠮᠦᠵᠢᠯ ᠢ ᠴᠢᠩᠭᠠᠳᠬᠠᠵᠤ᠂ ᠬᠥᠭᠵᠢᠭᠦᠯᠬᠦ ᠡᠲᠡᠭᠡᠳ ᠲᠤ ᠨᠠᠮ ᠤᠨ ᠦᠨᠳᠦᠰᠦᠨ ᠮᠡᠳᠡᠯᠭᠡ ᠶᠢ ᠤᠯᠠᠮ ᠨᠢᠭᠡ ᠠᠯᠬᠤᠮ ᠰᠢᠰᠲ᠋ᠧᠮ ᠲᠠᠢ ᠤᠶᠢᠯᠠᠭᠠᠭᠤᠯᠵᠦ᠂ ᠨᠠᠮ ᠤᠨ ᠰᠢᠨᠵᠢ ᠴᠢᠨᠠᠷ᠂ ᠵᠣᠷᠢᠯᠲᠠ᠂ ᠬᠠᠷᠠᠯᠲᠠ᠂ ᠡᠭᠦᠷᠭᠡ ᠪᠣᠯᠤᠨ ᠱᠠᠭᠠᠷᠳᠠᠯᠭ᠎ᠠ ᠶᠢᠨ ᠲᠤᠬᠠᠶ ᠣᠶᠢᠯᠠᠭᠠᠯᠲᠠ ᠪᠠᠨ ᠴᠢᠩᠭᠠᠳᠬᠠᠵᠦ᠂ ᠡᠪ ᠬᠠᠮᠲᠤ ᠶᠣᠰᠣᠨ ᠤ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠪᠠᠳᠤᠳᠬᠠᠨ ᠨᠠᠮ ᠳᠤ ᠣᠷᠣᠬᠤ ᠤᠭ ᠰᠠᠨᠠᠭ᠎ᠠ ᠪᠠᠨ ᠲᠥᠪ  ᠪᠤᠯᠭᠠᠨ᠎ᠠ᠃     ᠲᠤᠯᠤᠭ᠎ᠠ᠂ ᠬᠤᠪᠢᠰᠬᠠᠯ ᠤᠨ ᠬᠥᠮᠦᠵᠢᠯ ᠤᠨ ᠲᠤᠬᠠᠢ ᠺᠢᠨᠣ᠋ ᠦᠵᠡᠨ᠎ᠡ᠃     ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ ᠺᠠᠳ᠋ᠷ ᠢ ᠵᠣᠬᠢᠶᠠᠨ  ᠪᠠᠶᠢᠭᠤᠯᠵᠦ ᠬᠤᠪᠢᠰᠬᠠᠯ ᠤᠨ ᠬᠥᠮᠦᠵᠢᠯ ᠤᠨ ᠲᠤᠬᠠᠢ ᠺᠢᠨᠣ᠋ ᠶᠢ ᠦᠵᠡᠭᠦᠯᠦᠨ᠎ᠡ᠃ ᠲᠡᠤᠬᠡ ᠶᠢ ᠲᠠᠬᠢᠨ ᠡᠷᠭᠢᠴᠡᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠳᠤ ᠨᠢᠭᠡ ᠤᠳᠠᠭᠠᠨ ᠤ ᠡᠬᠡ ᠣᠷᠣᠨᠴᠢ ᠦᠵᠡᠯ ᠪᠠ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠬᠦᠷᠳᠡᠭᠡᠨ᠎ᠡ᠃     ᠨᠠᠢᠮᠠ᠂ ᠨᠢᠭᠡ ᠤᠳᠠᠭᠠᠨ ᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ  ᠦᠷᠨᠢᠬᠦᠯᠦᠨ᠎ᠡ᠃     ᠡᠯ᠎ᠡ ᠨᠠᠮ ︵ᠠᠵᠤ ᠦᠢᠯᠡᠳᠪᠦᠷᠢ︶ ᠤᠨ ᠬᠤᠷᠢᠶ᠎ᠠ ᠨᠢ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠢᠭᠡ ᠪᠦᠯᠦᠭ ᠠᠵᠢᠯ᠂ ᠨᠡᠶᠢᠭᠡᠮ ᠤᠨ ᠠᠮᠢᠳᠤᠷᠠᠯ ᠳᠤᠮᠳᠠ ᠬᠤᠰᠢᠭᠤᠴᠢ ᠵᠢᠱᠢᠶᠡᠴᠢ ᠦᠢᠯᠡᠳᠦᠯ ᠪᠠᠳᠠᠷᠠᠭᠤᠯᠵᠤ᠂  ᠢᠯᠡᠩᠭᠤᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠢᠯᠡᠷᠡᠯ ᠲᠣᠪᠤᠶᠢᠮ᠎ᠠ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠨᠠᠮ ᠤᠨ ᠠᠵᠢᠯ ᠤᠨ ᠠᠵᠢᠯᠲᠠᠨ ᠪᠠ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ᠂ ᠲᠡᠷᠢᠭᠦᠨ ᠤ ᠵᠢᠱᠢᠶᠡᠴᠢ ᠶᠢᠨ ᠦᠯᠢᠭᠡᠷ ᠳᠠᠭᠤᠷᠢᠶᠠᠯ ᠤᠨ ᠬᠦᠴᠦᠨ ᠢᠶᠠᠷ ᠨᠠᠮ ᠤᠨ ᠭᠡᠰᠢᠭᠦᠨ ᠤ ᠠᠵᠢᠯ ᠬᠢᠵᠦ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ︽ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠬᠢ ᠲᠠᠢ ᠠᠳᠠᠯᠢᠳᠬᠠᠬᠤ᠂ ᠲᠡᠷᠢᠭᠦᠨ ᠤ ᠬᠢ ᠪᠣᠯᠭᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠨ᠎ᠠ᠃    ᠶᠢᠰᠦ᠂ ᠨᠢᠭᠡ ᠤᠳᠠᠭᠠᠨ ᠤ ᠨᠠᠮ ᠤᠨ ᠳᠣᠲᠣᠭᠠᠳᠤ ᠶᠢᠨ ᠬᠠᠶᠢᠷ᠎ᠠ ᠬᠠᠯᠠᠮᠵᠢᠯᠠᠯ ᠬᠦᠷᠭᠡᠬᠦ ᠲᠣᠬᠤᠨᠢᠭᠤᠯᠤᠯ ᠤᠨ ᠠᠵᠢᠯᠯᠠᠭ᠎ᠠ ᠦᠷᠨᠢᠬᠦᠯᠦᠨ᠎ᠡ᠃    ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠬᠠᠮᠠᠳ ᠨᠠᠮ ᠤᠨ ᠭᠡᠰᠢᠭᠦᠨ᠂ ᠠᠮᠢᠳᠤᠷᠠᠯ ᠨᠢ ᠬᠦᠴᠢᠷᠲᠡᠶ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠨᠠᠷ ᠢ ᠲᠣᠬᠤᠨᠢᠭᠤᠯᠵᠤ᠂ ᠪᠣᠳᠠᠲᠠᠶ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ ᠦᠭᠭᠦᠨ᠎ᠡ᠃ ᠦᠵᠡᠯ ᠰᠠᠨᠠᠭᠠᠨ ᠤ ᠵᠢᠯᠣᠭᠤᠳᠣᠯᠭ᠎ᠠ ᠪᠠ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠨᠠᠮ ᠤᠨ ᠬᠠᠶᠢᠷ᠎ᠠ ᠬᠠᠯᠠᠮᠵᠢ ᠶᠢ ᠨᠠᠮ ᠤᠨ ᠭᠡᠰᠢᠭᠦᠨ ᠤ ᠰᠡᠳᠬᠢᠯ ᠳᠤ ᠬᠦᠷᠭᠡᠵᠦ᠂ ᠲᠡᠳᠡᠨ ᠳᠤ ᠵᠣᠬᠢᠶᠠᠨ ᠪᠠᠶᠢᠭᠤᠯᠤᠯᠳᠠ ᠶᠢᠨ ᠬᠠᠯᠠᠭᠤᠨ ᠳᠤᠯᠠᠭᠠᠨ ᠢ ᠤᠶᠢᠯᠠᠭᠠᠭᠤᠯᠵᠦ᠂ ᠥᠷᠭᠡᠨ ᠤᠯᠠᠨ ᠨᠠᠮ ᠤᠨ ᠭᠡᠰᠢᠭᠦᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠮᠡᠳᠡᠷᠡᠬᠦ ᠰᠡᠳᠬᠢᠯᠭᠡ ᠪᠣᠯᠤᠨ ᠬᠠᠷᠢᠶᠠᠯᠠᠬᠳᠠᠬᠤ ᠰᠡᠳᠬᠢᠯᠭᠡ ᠶᠢ ᠦᠨᠡᠨ ᠬᠦ ᠴᠢᠩᠭᠠᠳᠬᠠᠨ᠎ᠠ᠃     ᠠᠷᠪᠠ᠂ ︽ᠨᠠᠮ ᠢᠶᠠᠨ ᠬᠠᠶᠢᠷᠠᠯᠠᠵᠤ ᠨᠠᠮ ᠢᠶᠠᠨ ᠳᠡᠭᠡᠳᠦᠯᠡᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠦᠨ᠎ᠡ᠃     ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ ᠢ ᠠᠰᠢᠭᠯᠠᠨ ᠨᠠᠮ ᠤᠨ ᠲᠡᠤᠬᠡ᠂ ᠰᠢᠯᠢᠳᠡᠭ ᠰᠤᠷᠲᠠᠯ ᠵᠢᠴᠢ ᠣᠯᠤᠭᠰᠠᠨ ᠦᠷ᠎ᠡ ᠪᠦᠲᠦᠭᠡᠯ ᠢ ᠥᠷᠭᠡᠨ ᠢᠶᠠᠷ ᠤᠬᠠᠭᠤᠯᠤᠨ ᠮᠠᠳᠡᠭᠡᠯᠡᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠦ᠂ ᠥᠷᠭᠡᠨ ᠤᠯᠠᠨ ᠨᠠᠮ ᠤᠨ ᠭᠡᠰᠢᠭᠦᠨ᠂ ᠤᠯᠠᠨ ᠲᠦᠮᠡᠨ ᠨᠠᠮ ᠢᠶᠠᠨ ᠬᠠᠶᠢᠷᠠᠯᠠᠬᠤ᠂ ᠨᠠᠮ ᠢᠶᠠᠨ ᠢᠳᠡᠭᠡᠬᠦ᠂ ᠨᠠᠮ ᠢᠶᠠᠨ ᠬᠦᠨᠳᠦᠳᠬᠡᠬᠦ᠂ ᠨᠠᠮ ᠢᠶᠠᠨ ᠳᠠᠭᠠᠬᠤ ᠬᠦᠰᠡᠯᠡᠩ ᠢᠲᠡᠭᠡᠯ ᠵᠣᠷᠢᠭ ᠢ ᠪᠠᠳᠤᠳᠬᠠᠨ᠎ᠠ᠃    ᠠᠷᠪᠠᠨ ᠨᠢᠭᠡ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠦᠴᠦᠯᠡᠨ ᠤᠬᠠᠭᠤᠯᠤᠨ᠎ᠠ᠃    ᠬᠠᠮ ᠵᠠᠭᠤᠴᠢᠯᠠᠭᠤᠷ ᠤᠨ ᠲᠥᠪ ᠨᠢ ᠲᠤᠰᠬᠠᠶ ᠪᠤᠯᠤᠩ ᠨᠡᠭᠡᠭᠡᠵᠦ᠂ ᠨᠢᠭᠡ ᠪᠦᠯᠦᠭ ᠡᠪ ᠬᠠᠮᠲᠤ ᠨᠠᠮ ᠤᠨ ᠭᠡᠰᠢᠭᠦᠨ ᠤ ᠳᠤᠮᠳᠠ ᠴᠣᠯᠭᠤᠷᠠᠨ ᠭᠠᠷᠤᠭᠰᠠᠨ ︽ᠤᠮᠠᠷᠠᠲᠤ ᠬᠢᠯᠢ ᠶᠢᠨ ᠵᠢᠱᠢᠶᠡᠴᠢ︾᠂ ︽ᠳᠡᠷᠭᠡᠳᠡᠬᠢ ᠳᠠᠭᠤᠷᠢᠶᠠᠯ︾᠂ ︽ᠶᠣᠰᠣ ᠰᠤᠷᠲᠠᠬᠤᠨ ᠤ ᠵᠢᠱᠢᠶᠡᠴᠢ︾᠂ ︽ᠰᠢᠯᠢᠳᠡᠭ ᠰᠠᠶᠢᠨ ᠳᠤᠷᠠᠴᠤᠳ︾ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠦᠴᠦᠯᠡᠨ ᠤᠬᠠᠭᠤᠯᠤᠨ᠎ᠠ᠃ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ᠂ ᠣᠯᠠᠨ ᠲᠦᠮᠡᠨ ᠤ ᠵᠣᠷᠢᠭᠲᠠᠢ ᠪᠠᠷ ᠤᠷᠤᠭᠰᠢᠯᠠᠨ ᠳᠠᠪᠰᠢᠬᠤ᠂ ᠲᠠᠰᠤᠷᠠᠯᠲᠠ ᠦᠭᠡᠢ ᠰᠢᠨ᠎ᠡ ᠶᠢ ᠡᠬᠦᠳᠬᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠮᠠᠨ ᠤ ᠬᠤᠲᠠ ᠶᠢᠨ ᠥᠭᠡᠷᠡᠴᠢᠯᠡᠯᠲᠡ ᠬᠥᠭᠵᠢᠯᠲᠡ ᠲᠤᠬᠳᠠᠭᠤᠨ ᠪᠠ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠳᠤ ᠣᠷᠣᠯᠴᠠᠬᠤ ᠶᠢ ᠵᠣᠷᠢᠭᠵᠢᠭᠤᠯᠤᠨ᠎ᠠ᠃     ᠠᠷᠪᠠᠨ ᠬᠤᠶᠠᠷ᠂ ︽ᠲᠤᠯᠤᠭᠠᠨ ᠰᠠᠷ᠎ᠠ ᠶᠢᠨ ᠨᠢᠭᠡᠨ ᠤ ᠪᠠᠶᠠᠷ ᠢ ᠪᠡᠯᠭᠡᠯᠡᠬᠦ ᠵᠢᠴᠢ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠠᠷᠠᠳ ᠲᠦᠮᠡᠨ ᠤ ᠳᠤᠮᠳᠠ ᠬᠦᠷᠭᠡᠬᠦ︾ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠭᠯᠠᠯᠲᠠ ᠶᠢ ᠬᠥᠳᠡᠭᠡ ᠲᠣᠰᠬᠤᠨ ᠳᠤ ᠣᠷᠣᠭᠤᠯᠬᠤ ᠠᠵᠢᠯᠯᠠᠭ᠎ᠠ ᠶᠢ  ᠦᠷᠨᠢᠬᠦᠯᠦᠨ᠎ᠡ᠃     ᠤᠯᠠᠭᠠᠨᠮᠥ᠋ᠴᠢᠷ ᠤᠨ ᠭᠡᠰᠢᠭᠦᠳ ᠲᠠᠷᠢᠶᠠᠨ ᠳᠤᠮᠳᠠ ᠭᠦᠨᠵᠡᠭᠡᠶᠢᠷᠡᠬᠦ ᠪᠠᠷ ᠳᠠᠮᠵᠢᠨ᠂ ︽ᠨᠠᠮ ᠤᠨ ᠠᠴᠢ ᠶᠢ ᠮᠠᠭᠲᠠᠨ ᠰᠠᠶᠢᠰᠢᠶᠠᠵᠤ᠂ ᠨᠠᠮ ᠤᠨ ᠪᠠᠶᠢᠳᠠᠯ ᠢ ᠬᠠᠶᠢᠷᠠᠯᠠᠬᠤ︾ ᠪᠠᠷ ᠭᠤᠣᠯ ᠰᠡᠳᠦᠪ ᠪᠣᠯᠭᠠᠵᠤ᠂ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠢ ᠦᠷᠨᠢᠬᠦᠯᠦᠨ᠎ᠡ᠃ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠨᠠᠮ ᠤᠨ ᠬᠠᠶᠢᠷ᠎ᠠ ᠰᠡᠳᠬᠢᠯᠭᠡ ᠶᠢ ᠢᠯᠡᠳᠬᠡᠵᠦ᠂ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠴᠡᠷᠢᠭ ᠤᠨ ᠵᠣᠷᠢᠭ ᠢ ᠨᠢᠭᠲᠠᠷᠠᠭᠤᠯᠵᠤ᠂ ᠨᠠᠮ ᠤᠨ ᠲᠠᠭᠤᠨ ᠪᠠ ᠬᠠᠯᠠᠮᠵᠢᠯᠠᠯ ᠢ ᠳᠠᠮᠵᠢᠭᠤᠯᠵᠤ᠂ ᠡᠷᠡᠭᠦᠯ ᠥᠭᠡᠳᠡᠷᠬᠡᠭ᠂ ᠪᠦᠯᠬᠦᠮᠳᠡᠨ ᠤᠷᠤᠭᠰᠢᠯᠠᠬᠤ ᠠᠭᠤᠷ ᠠᠮᠢᠰᠬᠤᠯ ᠢ ᠪᠤᠢ ᠪᠣᠯᠭᠠᠨ᠎ᠠ᠃     ᠠᠷᠪᠠᠨ ᠭᠤᠷᠪᠠ᠂ ᠨᠢᠭᠡ ᠤᠳᠠᠭᠠᠨ ᠤ ︽ᠤᠯᠠᠭᠠᠨ ᠰᠡᠳᠬᠢᠯ ᠨᠠᠮ ᠢᠶᠠᠨ ᠲᠠᠭᠠᠵᠦ · ᠲᠤᠰᠬᠠᠢ ᠬᠤᠪᠢᠰᠬᠠᠯᠳᠤ ᠳᠠᠭᠤᠤ ᠳᠠᠭᠤᠯᠠᠬᠤ︾ ᠠᠵᠢᠯᠯᠠᠭ᠎ᠠ ᠦᠷᠨᠢᠬᠦᠯᠦᠨ᠎ᠡ᠃     ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠰᠡᠳᠦᠪᠲᠦ ᠨᠠᠮ ᠤᠨ ᠡᠳᠦᠷ᠂ ᠭᠤᠣᠯ ᠰᠡᠳᠦᠪᠲᠦ ᠠᠩᠬᠢ ᠶᠢᠨ ᠬᠤᠷᠠᠯ ᠢ ᠠᠰᠢᠭᠯᠠᠨ ᠬᠤᠪᠢᠰᠬᠠᠯᠳᠤ ᠳᠠᠭᠤᠤ ᠶᠢ ᠤᠯᠠᠮᠵᠢᠯᠠᠨ ᠳᠠᠭᠤᠯᠠᠬᠤ ᠠᠵᠢᠯᠯᠠᠭ᠎ᠠ ᠦᠷᠨᠢᠬᠦᠯᠦᠨ᠎ᠡ᠃ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠡᠪ ᠬᠠᠮᠲᠤ ᠶᠣᠰᠣᠨ ᠤ ᠠᠯᠤᠰ ᠬᠡᠲᠦ ᠶᠢᠨ ᠬᠦᠰᠡᠯᠡᠩ ᠪᠠ ᠰᠢᠨ᠎ᠡ ᠴᠠᠭ ᠦᠶ᠎ᠡ ᠶᠢᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠤᠨ ᠲᠥᠯᠥᠭᠡ ᠲᠡᠮᠡᠴᠡᠬᠦ ᠢᠳᠡᠭᠡᠯ ᠪᠠ ᠵᠣᠷᠢᠭ ᠰᠠᠨᠠᠭ᠎ᠠ ᠶᠢ ᠪᠠᠲᠤ ᠪᠠᠬᠢ ᠪᠤᠢ ᠪᠤᠯᠭᠠᠨ᠎ᠠ᠃                                     ᠤᠷᠴᠢᠭᠤᠯᠤᠬᠴᠢ᠄ ᠼᠦᠢ ᠶᠢᠩ                                                    
 
ᠢᠷᠡᠯᠲᠡ᠄ ᠹᠧᠩ ᠴᠤᠸᠠᠨ ᠬᠤᠰᠢᠭᠤᠴᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3