| 5 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ ᠰᠦᠯᠵᠢᠶᠡᠨ ᠳᠤ | ᠶᠠᠪᠤᠭᠳᠠᠭᠰᠠᠨ ᠥᠪᠥᠷ ᠮᠣᠩᠭᠤᠯ ᠤᠨ ᠶᠠᠮᠠ ᠣᠯᠣᠰᠣᠨ ᠤ ᠦᠷ᠎ᠡ ᠶᠢᠨ ᠲᠣᠰᠣ — ᠬᠤᠯᠢᠮᠠᠭ ᠠᠮᠤ ᠶᠢᠨ ᠠᠵᠤ | ᠦᠢᠯᠡᠰ ᠤᠨ ᠪᠦᠰᠡ ᠪᠣᠯᠤᠨ ᠵᠢᠩ ᠳ᠋ᠦᠩ ᠬᠡᠲᠦ ᠳᠡᠯᠭᠡᠭᠦᠷ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠭᠡᠷ᠎ᠡ ᠲᠣᠭᠲᠠᠬᠤ ᠶᠤᠰᠤᠯᠠᠯ ᠵᠢᠴᠢ ᠵᠢᠩ ᠳ᠋ᠦᠩ ᠲᠠᠪᠴᠠᠩ ᠤᠨ ︽6 · 18︾ ᠤ ᠪᠣᠷᠣᠯᠠᠭᠤᠯᠭ᠎ᠠ ᠶᠢ ᠠᠬᠢᠭᠤᠯᠬᠤ | ᠠᠵᠢᠯᠯᠠᠭ᠎ᠠ ᠶᠢᠨ ᠫᠷᠤᠭ᠍ᠷᠠᠮ ᠢ ᠰᠢᠩᠭᠡᠭᠡᠨ ᠦᠢᠯᠡᠳᠬᠦ ᠳᠤ ᠣᠷᠣᠯᠴᠠᠵᠤ᠂ ᠮᠠᠨ ᠤ ᠬᠤᠲᠠ ᠶᠢᠨ ᠶᠠᠮᠠ ᠣᠯᠣᠰᠣᠨ ᠤ | ᠦᠷ᠎ᠡ ᠶᠢᠨ ᠲᠣᠰᠣᠨ ᠤ ᠠᠵᠤ ᠦᠢᠯᠡᠰ ᠪᠣᠯᠤᠨ ᠲᠠᠷᠢᠶᠠᠯᠠᠩ ᠤᠨ ᠬᠥᠭᠵᠢᠯᠲᠡ ᠶᠢᠨ ᠪᠠᠶᠢᠳᠠᠯ ᠢ ᠤᠬᠠᠭᠤᠯᠤᠨ | ᠲᠠᠨᠢᠯᠴᠠᠭᠤᠯᠪᠠ᠃ | | ᠸᠠᠩ ᠵᠧᠨ ᠬᠠᠢ ᠪᠠᠶᠠᠷ ᠤᠨ ᠦᠬᠡᠨ ᠳᠤ ᠪᠠᠨ ᠹᠧᠩᠵᠧᠨ ᠬᠤᠲᠠ ᠶᠢᠨ ᠰᠠᠨ ᠢ ᠴᠢᠤᠸᠠᠨ ᠪᠠᠯᠭᠠᠰᠤ ᠪᠣᠯ | ᠳᠡᠯᠡᠬᠡᠶ ᠶᠢᠨ ᠬᠠᠮᠤᠭ ᠰᠠᠶᠢᠨ ᠶᠠᠮᠠ ᠣᠯᠣᠰᠣᠨ ᠤ ᠭᠠᠷᠤᠯᠲᠠ ᠶᠢᠨ ᠭᠠᠵᠠᠷ᠂ ︽ᠭᠷᠢᠨᠨᠠᠭᠤᠷ︾᠂ ︽ᠶᠠᠮᠠ | ᠣᠯᠣᠰᠣᠨ ᠤ ᠨᠢᠭᠡᠳᠦᠯ︾ ᠵᠡᠷᠭᠡ ᠨᠢᠭᠡ ᠪᠦᠯᠦᠭ ᠰᠢᠯᠢᠳᠡᠭ ᠲᠡᠮᠳᠡᠭ ᠲᠠᠢ ᠶᠠᠮᠠ ᠣᠯᠣᠰᠣᠨ ᠤ ᠦᠷ᠎ᠡ ᠶᠢᠨ | ᠲᠣᠰᠣᠨ ᠤ ᠪᠦᠬᠦ ᠰᠢᠷᠢᠰ ᠪᠦᠲᠦᠭᠡᠭᠳᠡᠬᠦᠨ ᠠᠳᠡ ᠠᠴᠠ ᠬᠡᠷᠡᠭᠯᠡᠭᠴᠢᠳ ᠤᠨ ᠬᠤᠭᠤᠯᠠᠨ ᠰᠢᠷᠡᠭᠡ ᠵᠦᠭ ᠰᠢᠯᠵᠢᠵᠦ | ᠪᠠᠶᠢᠨ᠎ᠠ᠃ 2019 ᠣᠨ ᠤ 12 ᠰᠠᠷ᠎ᠠ ᠶᠢᠨ 17 ᠤ ᠡᠳᠦᠷ᠂ ᠹᠧᠩᠵᠧᠨ ᠬᠤᠳᠠ ᠶᠢᠨ ᠶᠠᠮᠠ ᠶᠢᠨ ᠦᠷ᠎ᠡ ᠶᠢᠨ | ᠲᠣᠰᠣ ᠶᠢ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ | ᠵᠢᠭᠰᠠᠭᠠᠯᠲᠠ︾ ᠳᠤ ᠵᠢᠩᠬᠢᠨᠢ ᠪᠠᠷ ᠣᠷᠣᠭᠤᠯᠪᠠ ᠬᠡᠪᠡ᠃ | ᠸᠠᠩ ᠵᠧᠨ ᠬᠠᠢ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ ᠶᠠᠮᠠ ᠣᠯᠣᠰᠣᠨ ᠤ ᠦᠷ᠎ᠡ ᠶᠢᠨ ᠲᠣᠰᠣ | — ᠬᠤᠯᠢᠮᠠᠭ ᠠᠮᠦ ᠶᠢᠨ ᠦᠢᠯᠡᠳᠬᠦᠨ ᠤ ︽ᠴᠢᠨᠠᠷ ᠰᠠᠶᠢᠳᠠᠢ︾ ︽ᠶᠠᠰᠤ ᠴᠢᠨᠠᠷ ᠢ ᠪᠠᠲᠤᠯᠠᠵᠤ ᠦᠨᠡᠨ | ᠬᠤᠳᠠᠯ ᠢ ᠪᠠᠲᠤᠯᠠᠬᠤ︾ ᠪᠣᠷᠣᠯᠠᠭᠤᠯᠭ᠎ᠠ ᠶᠢᠨ ᠠᠷᠭ᠎ᠠ ᠵᠠᠮ ᠤᠨ ᠲᠥᠯᠥᠭᠡ᠂ ᠹᠧᠩᠵᠧᠨ ᠬᠤᠲᠠ ᠪᠣᠯᠤᠨ ᠵᠢᠩ | ᠳ᠋ᠦᠩ ᠬᠡᠲᠦ ᠳᠡᠯᠭᠡᠭᠦᠷ ᠤᠨ ᠲᠠᠪᠴᠠᠩ ᠨᠢ ︽ᠵᠢᠵᠢᠭ ᠶᠠᠮᠠ ᠣᠯᠣᠰᠣᠨ ᠤ ᠦᠷ᠎ᠡ ᠶᠢᠨ ᠲᠣᠭᠤᠷᠢᠨ ᠳᠤ ᠨᠤᠲᠤᠭ | ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠣᠵᠤ︾᠂ ᠭᠷᠢᠨᠨᠠᠭᠤᠷ ᠺᠣᠮᠫᠠᠨᠢ ᠶᠢᠨ ᠪᠠᠶᠢᠭᠤᠯᠤᠬᠰᠠᠨ ︽ᠶᠠᠮᠠ | ᠭᠦᠩᠱᠧ ᠶᠢᠨ ᠥᠪᠡᠷ ᠢᠶᠠᠨ ᠡᠷᠬᠢᠯᠡᠭᠰᠡᠨ ᠬᠤᠰᠢᠭᠤᠴᠢ ᠲᠡᠯᠬᠡᠬᠦᠷ︾ ᠪᠠ ︽ᠡᠯᠳᠡᠪ ᠠᠮᠤ ᠪᠤᠳᠠᠭᠠᠨ ᠤ ᠠᠯᠪᠠᠨ ᠤ | ᠲᠠᠯ᠎ᠠ ᠶᠢᠨ ᠬᠤᠰᠢᠭᠤᠴᠢ ᠳᠡᠯᠭᠡᠭᠦᠷ︾ ᠢᠶᠠᠷ ᠳᠠᠮᠵᠢᠨ᠂ ᠹᠧᠩᠵᠧᠨ ᠤ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠢ ᠠᠯᠪᠠᠨ ᠠᠴᠠ ᠭᠤᠤᠯ ᠪᠣᠷᠣᠯᠠᠭᠤᠯᠬᠤ ᠠᠷᠭ᠎ᠠ ᠵᠠᠮ ᠢ ᠪᠠᠶᠢᠭᠤᠯᠵᠦ᠂ ᠪᠤᠷᠤᠯᠠᠭᠤᠯᠤᠨ ᠬᠤᠳᠠᠯᠳᠤᠬᠤ | ᠪᠠᠷ ᠦᠢᠯᠡᠳᠪᠦᠷᠢᠯᠡᠯ ᠲᠡᠰᠢ ᠬᠥᠲᠥᠯᠥᠨ ᠵᠢᠯᠣᠭᠤᠳᠴᠤ᠂ ᠠᠵᠤ ᠦᠢᠯᠡᠰ ᠤᠨ ᠬᠡᠯᠬᠢᠶᠡᠨ ᠤ ᠮᠡᠳᠡᠭᠡ ᠵᠠᠩᠭᠢ ᠶᠢᠨ | ᠤᠷᠤᠰᠬᠠᠯ ᠢ ᠨᠡᠪᠲᠡᠷᠡᠭᠦᠯᠵᠦ᠂ ᠲᠤᠭ᠎ᠠ ᠪᠠᠷᠢᠮᠲᠠ ᠪᠠ ᠮᠡᠷᠭᠡᠵᠢᠯ ᠢᠶᠠᠷ ᠬᠥᠳᠡᠯᠭᠡᠭᠦᠷ ᠪᠣᠯᠭᠠᠭᠰᠠᠨ ᠦᠢᠯᠡᠳᠬᠦᠨ ᠤ | ᠵᠢᠵᠢᠭᠯᠡᠨ ᠬᠤᠳᠠᠯᠳᠤᠬᠤ ᠰᠢᠨ᠎ᠡ ᠶᠢ ᠡᠭᠦᠳᠬᠦ ᠰᠢᠢᠳᠪᠦᠷᠢᠯᠡᠬᠦ ᠲᠥᠰᠦᠯ ᠢ ᠪᠦᠷᠢᠯᠳᠦᠭᠦᠯᠬᠦ ᠶᠢᠨ ᠬᠠᠮᠲᠤ ᠵᠢᠩ ᠳ᠋ᠦᠩ | ᠲᠠᠪᠴᠠᠩ ᠲᠠᠢ ︽ᠢᠨᠲ᠋ᠧᠷ ᠰᠦᠯᠵᠢᠶ᠎ᠡ + ᠵᠢᠵᠢᠭᠯᠡᠨ ᠬᠤᠳᠠᠯᠳᠤᠬᠤ︾᠂ ︽ᠢᠨᠲ᠋ᠧᠷ ᠰᠦᠯᠵᠢᠶ᠎ᠡ + ᠡᠭᠦᠯᠡᠨ | ᠬᠥᠮᠥᠷᠭᠡ ᠶᠢᠨ ᠦᠢᠯᠡᠴᠢᠯᠡᠭᠡ︾ ᠵᠡᠷᠭᠡ ᠬᠦᠷᠢᠶ᠎ᠡ ᠳᠤ ᠤᠷᠲᠤ ᠬᠤᠭᠤᠴᠠᠭᠠᠨ ᠤ ᠭᠦᠨᠵᠡᠭᠡᠶ ᠬᠠᠮᠲᠤᠷᠠᠯᠴᠠᠭ᠎ᠠ ᠬᠢᠵᠦ᠂ | ᠹᠧᠩᠵᠧᠨ ᠬᠤᠲᠠ ᠶᠢᠨ ︽ᠢᠨᠲ᠋ᠧᠷ ᠰᠦᠯᠵᠢᠶ᠎ᠡ + ᠬᠥᠳᠡᠭᠡ ᠠᠵᠤ ᠠᠬᠤᠢ︾ ᠶᠢᠨ ᠠᠵᠤ ᠦᠢᠯᠡᠰ ᠤᠨ | ᠬᠥᠭᠵᠢᠯᠲᠡ ᠶᠢᠨ ᠪᠠᠶᠢᠷᠢᠰᠢᠭᠤᠯᠤᠯᠳᠠ ᠳᠤ ᠬᠦᠴᠦᠨ ᠨᠡᠮᠡᠷᠢᠯᠡᠵᠦ᠂ ᠬᠡᠷᠡᠭᠯᠡᠭᠴᠢᠳ᠂ ᠠᠵᠤ ᠠᠬᠤᠶᠢᠯᠠᠯ᠂ ᠲᠠᠷᠢᠶᠠᠴᠢᠨ | ᠡᠷᠦᠬᠡ ᠬᠠᠮᠲᠤᠪᠠᠷ ᠠᠰᠢᠭ ᠬᠦᠷᠲᠡᠬᠦ ᠬᠠᠷᠠᠯᠲᠠ ᠶᠢ ᠪᠡᠶᠡᠯᠡᠭᠦᠯᠦᠨ᠎ᠡ᠃ | ᠸᠠᠩ ᠵᠧᠨ ᠬᠠᠢ᠄ ᠹᠧᠩᠵᠧᠨ ᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠭᠠᠵᠠᠷ ᠵᠦᠶ ᠶᠢᠨ | ᠳᠠᠪᠠᠭᠤᠯᠢᠭ ᠪᠣᠯᠤᠨ ᠶᠠᠰᠤ ᠴᠢᠨᠠᠷ ᠤᠨ ᠦᠵᠡᠯᠲᠡ ᠶᠢ ᠭᠦᠨᠵᠡᠭᠡᠶ ᠤᠶᠠᠯᠳᠤᠭᠤᠯᠵᠤ᠂ ᠬᠠᠮᠤᠭ ᠤᠨ ᠬᠠᠷᠠᠭᠠᠯᠵᠠᠯ ᠲᠠᠢ | ᠲᠥᠷᠥ ᠶᠢᠨ ᠪᠤᠳᠤᠯᠭ᠎ᠠ᠂ ᠬᠠᠮᠤᠭ ᠤᠨ ᠳᠠᠪᠠᠭᠤᠯᠢᠭ ᠣᠷᠴᠢᠨ ᠲᠣᠭᠤᠷᠢᠨ᠂ ᠬᠠᠮᠤᠭ ᠤᠨ ᠰᠢᠯᠢᠳᠡᠭ | ᠦᠢᠯᠡᠴᠢᠯᠡᠭᠡ ᠪᠠᠷ ᠣᠷᠣᠨ ᠨᠤᠲᠤᠭ ᠤᠨ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠹᠧᠩᠵᠧᠨ ᠬᠤᠳᠠ ᠶᠢᠨ ᠬᠤᠯᠢᠮᠠᠭ ᠠᠮᠤ᠂ ᠶᠠᠮᠠ ᠣᠯᠣᠰᠣᠨ ᠤ ᠦᠷ᠎ᠡ ᠵᠡᠷᠭᠡ ᠣᠨᠴᠠᠯᠢᠭᠲᠤ | ᠠᠵᠤ ᠦᠢᠯᠡᠰ ᠲᠠᠢ ᠤᠶᠠᠯᠳᠤᠭᠤᠯᠤᠨ ᠨᠢᠭᠡ ᠪᠦᠯᠦᠭ ᠹᠧᠩᠵᠧᠨ ᠬᠤᠳᠠ ᠶᠢᠨ ᠣᠨᠴᠠᠯᠢᠭ ᠲᠠᠢ ᠨᠡᠷᠡᠲᠦ | ᠲᠡᠮᠳᠡᠭᠲᠦ ᠶᠢ ᠪᠤᠶᠢᠵᠢᠭᠤᠯᠤᠨ ᠬᠠᠮᠠᠭᠠᠯᠠᠵᠦ ᠬᠦᠭᠵᠢᠭᠦᠯᠦᠨ᠎ᠡ᠃ ᠹᠧᠩᠵᠧᠨ ᠬᠤᠳᠠ ᠶᠢᠨ ᠶᠠᠮᠠᠶᠢᠨ ᠦᠷ᠎ᠡ ᠶᠢᠨ | ᠲᠣᠰᠣᠨ ᠤ ᠠᠵᠢᠯ ᠲᠥᠷᠥᠯ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠵᠠᠬ᠎ᠠ ᠳᠡᠯᠭᠡᠭᠦᠷ ᠲᠤ | ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠳᠡᠢ ᠬᠡᠵᠦ ᠴᠢᠬᠤᠯᠠᠴᠢᠯᠠᠪᠠ᠃ | ᠸᠠᠩ ᠵᠧᠨ ᠬᠠᠢ ᠵᠢᠩ ᠳ᠋ᠦᠩ ᠲᠠᠪᠴᠠᠩ ᠲᠠᠢ ᠬᠠᠮᠳᠤᠷᠠᠯᠴᠠᠬᠤ ᠢᠷᠡᠭᠡᠳᠦᠶ ᠥᠷᠭᠡᠨ ᠠᠭᠤᠳᠠᠮ᠂ ᠦᠢᠯᠡᠰ | ᠪᠦᠳᠦᠭᠡᠯᠳᠡᠳᠡᠢ᠂ ᠬᠠᠮᠳᠤᠪᠠᠷ ᠭᠠᠷ ᠬᠤᠯᠪᠣᠨ ᠤᠷᠤᠬᠰᠢᠯᠠᠨ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ | ᠰᠢᠨ᠎ᠡ ᠪᠠᠶᠢᠳᠠᠯ ᠢ ᠬᠠᠮᠲᠤ ᠪᠠᠷ ᠡᠭᠦᠳᠴᠦ᠂ ᠰᠢᠨ᠎ᠡ ᠳᠡᠭᠲᠡᠷ ᠲᠤ ᠭᠠᠷᠤᠨ᠂ ︽ᠵᠠᠰᠠᠭ ᠤᠨ ᠣᠷᠳᠣᠨ + ᠢᠨᠲ᠋ᠧᠷ | ᠰᠦᠯᠵᠢᠶ᠎ᠡ︾ ᠶᠢᠨ ᠲᠠᠪᠴᠠᠩ ᠤᠨ ᠬᠠᠮᠲᠤᠷᠠᠯᠴᠠᠭᠠᠨ ᠤ ᠥᠯᠢᠭᠡᠷ ᠵᠢᠱᠢᠶ᠎ᠡ ᠪᠤᠯᠬᠤ ᠪᠠᠷ ᠴᠢᠷᠮᠠᠶᠢᠬᠤ ᠬᠡᠷᠡᠭᠳᠡᠢ ᠭᠡᠪᠡ᠃ | | ᠠᠵᠢᠯᠯᠠᠭᠠᠨ ᠤ ᠳᠤᠮᠳᠠ᠂ ᠸᠠᠩ ᠵᠧᠨ ᠬᠠᠢ ᠪᠠᠰᠠ ᠮᠠᠨ ᠤ ᠬᠤᠲᠠ ᠶᠢᠨ ᠠᠭᠤᠷ ᠠᠮᠢᠰᠬᠤᠯ᠂ ᠣᠷᠣᠨ ᠪᠠᠶᠢᠷᠢ᠂ | ᠲᠠᠷᠢᠶᠠᠯᠠᠩ ᠤᠨ ᠬᠥᠭᠵᠢᠯᠲᠡ ᠶᠢᠨ ᠣᠳᠣᠬᠢ ᠪᠠᠶᠢᠳᠠᠯ᠂ ᠲᠠᠷᠢᠶᠠᠯᠠᠩ ᠤᠨ ᠣᠨᠴᠠᠯᠢᠭᠲᠤ ᠨᠡᠷᠡᠲᠦ ᠲᠡᠮᠳᠡᠭ ᠤᠨ ᠲᠤᠬᠠᠶ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠴᠢ ᠬᠤᠶᠢᠰᠢᠳᠠ ᠶᠢᠨ ᠲᠠᠷᠢᠶᠠᠯᠠᠩ ᠤᠨ ᠬᠥᠭᠵᠢᠯᠲᠡ ᠶᠢᠨ ᠰᠡᠳᠬᠢᠮᠵᠢ | ᠠᠷᠭ᠎ᠠ ᠬᠡᠮᠵᠢᠶ᠎ᠡ ᠵᠡᠷᠭᠡ ᠲᠠᠯ᠎ᠠ ᠶᠢᠨ ᠲᠤᠭᠤᠷᠢᠨ ᠳᠤ ᠬᠥᠲᠥᠯᠥᠭᠴᠢ ᠶᠢᠨ ᠰᠤᠷᠪᠤᠯᠵᠢᠯᠠᠭ᠎ᠠ ᠶᠢ ᠬᠦᠯᠢᠶᠡᠪᠡ᠃ | ᠡᠨᠡ ᠤᠳᠠᠭᠠᠨ ᠤ ᠥᠪᠥᠷ ᠮᠣᠩᠭᠤᠯ ᠤᠨ ᠶᠠᠮᠠ ᠶᠢᠨ ᠦᠷ᠎ᠡ ᠶᠢᠨ ᠲᠣᠰᠣ ᠬᠤᠯᠢᠮᠠᠭ ᠠᠮᠤ ᠶᠢᠨ ᠠᠵᠤ | ᠦᠢᠯᠡᠰ ᠤᠨ ᠪᠦᠰᠡ ᠪᠣᠯᠤᠨ ᠵᠢᠩ ᠳ᠋ᠦᠩ ᠬᠡᠲᠦ ᠳᠡᠯᠭᠡᠭᠦᠷ ᠤᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ | ᠭᠡᠷ᠎ᠡ ᠲᠣᠭᠲᠠᠬᠤ ᠶᠣᠰᠣᠯᠠᠯ ᠵᠢᠴᠢ ᠵᠢᠩ ᠳ᠋ᠦᠩ ᠲᠠᠪᠴᠠᠩ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ 6 | ᠰᠠᠷ᠎ᠠ ᠶᠢᠨ 9 ᠤ ᠡᠳᠦᠷ ᠠᠴᠠ ᠡᠬᠢᠯᠡᠨ ᠵᠢᠩ ᠳ᠋ᠦᠩ ᠬᠡᠲᠦ ᠳᠡᠯᠭᠡᠭᠦᠷ ᠤᠨ ᠲᠠᠪᠴᠠᠩ ᠳᠤ ᠨᠡᠪᠲᠡᠷᠡᠭᠦᠯᠦᠨ᠎ᠡ᠃ | ᠲᠤᠰ ᠬᠥᠳᠡᠯᠭᠡᠭᠡᠨ ᠢᠶᠠᠷ ᠳᠠᠮᠵᠢᠨ᠂ ᠮᠠᠨ ᠤ ᠬᠤᠲᠠ ᠶᠢᠨ ᠶᠠᠮᠠ ᠣᠯᠣᠰᠣᠨ ᠤ ᠦᠷ᠎ᠡ ᠶᠢᠨ ᠲᠣᠰᠣᠨ ᠤ ᠠᠯᠳᠠᠷᠰᠢᠯ ᠢ | ᠤᠯᠠᠮ ᠨᠢᠭᠡ ᠠᠯᠬᠤᠮ ᠨᠡᠮᠡᠭᠳᠡᠭᠦᠯᠵᠦ᠂ ᠹᠧᠩᠵᠧᠨ ᠬᠤᠳᠠ ᠶᠢᠨ ᠶᠠᠮᠠ ᠣᠯᠣᠰᠣᠨ ᠤ ᠦᠷ᠎ᠡ ᠶᠢᠨ ᠲᠣᠰᠣᠨ ᠤ ᠠᠵᠤ | ᠦᠢᠯᠡᠰ ᠤᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠦᠢᠯ ᠢ ᠪᠤᠢ ᠪᠤᠯᠭᠠᠵᠦ ᠲᠡᠶᠢᠯᠦᠨ᠎ᠡ᠃ | ᠵᠣᠬᠢᠶᠠᠭᠴᠢ᠄ ᠪᠠᠶ ᠯᠢ ᠨᠠ | ᠤᠷᠴᠢᠭᠤᠯᠤᠬᠴᠢ᠄ ᠼᠦᠢ ᠶᠢᠩ |