| 6 ᠰᠠᠷ᠎ᠠ ᠶᠢᠨ 2 ᠤᠨ ᠡᠳᠦᠷ — 3 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠢᠶᠦ᠋ᠨ ᠲᠤᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠭ᠎ᠠ ᠶᠢᠨ ᠪᠦᠷᠢᠯᠳᠦᠬᠦᠨ ᠵᠢᠴᠢ ᠬᠡᠰᠡᠭ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ᠂ ᠾᠧᠢ ᠲᠤ ᠲᠠᠢ | ᠪᠠᠯᠭᠠᠰᠤᠨ ᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠠᠵᠢᠯ ᠤᠨ | ᠪᠠᠶᠢᠳᠠᠯ ᠳᠤ ᠨᠢᠭᠡᠳᠦᠭᠡᠷ ᠡᠭᠡᠯᠵᠢ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ | | ᠵᠠᠩ ᠵᠢᠶᠦ᠋ᠨ ᠲᠤᠤ ᠨᠠᠷ ᠾᠧᠢ ᠲᠤ ᠲᠠᠢ ᠪᠠᠯᠭᠠᠰᠤᠨ ᠤ ᠳ᠋ᠤᠸᠠᠨ ᠵᠢᠶᠠ ᠶᠢᠩ ᠵᠠᠰᠠᠭ ᠵᠠᠬᠢᠷᠭᠠᠨ ᠤ ᠲᠣᠰᠬᠤᠨ᠂ ᠳ᠋ᠢᠶᠠᠨ | ᠴᠢᠩ ᠮᠢᠶᠣᠣ ᠶᠢᠨ ᠵᠠᠰᠠᠭ ᠵᠠᠬᠢᠷᠭᠠᠨ ᠤ ᠲᠣᠰᠬᠤᠨ ᠵᠡᠷᠭᠡ 10 ᠵᠠᠰᠠᠭ ᠵᠠᠬᠢᠷᠭᠠᠨ ᠤ ᠲᠣᠰᠬᠤᠨ ᠤ ᠣᠷᠣᠰᠢᠨ ᠰᠠᠭᠤᠬᠤ | ᠣᠷᠴᠢᠨ ᠲᠣᠭᠤᠷᠢᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠡᠭᠦᠨ ᠤ ᠬᠠᠮᠲᠤ ᠬᠥᠳᠡᠭᠡ | ᠲᠣᠰᠬᠤᠨ ᠤ ᠬᠤᠶᠠᠷ ᠱᠠᠲᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ | ᠲᠤᠬᠠᠶ ᠶᠢᠨ ᠲᠠᠯᠠᠪᠠᠶ ᠳᠤ ᠰᠣᠨᠣᠰᠴᠤ᠂ ᠡᠯ᠎ᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ | ᠵᠠᠰᠠᠬᠤ ᠶᠢ ᠠᠬᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠲᠣᠰᠬᠤᠨ ᠤ ᠵᠥᠪᠯᠡᠯ ᠤᠨ | ᠵᠡᠭᠡᠯᠢ ᠭᠤᠳᠤᠮᠵᠢ ᠪᠠ ᠲᠠᠷᠢᠶᠠᠴᠢᠨ ᠡᠷᠦᠬᠡ ᠳᠤ ᠭᠦᠨᠵᠡᠭᠡᠶᠢᠷᠡᠨ ᠨᠠᠷᠢᠨ ᠬᠢᠨᠠᠮᠠᠭᠠᠶ ᠪᠠᠶᠢᠴᠠᠭᠠᠵᠦ᠂ ᠪᠠᠶᠢᠴᠠᠭᠠᠨ ᠰᠤᠳᠤᠯᠬᠤ | ᠳᠤᠭᠤᠶᠢᠯᠠᠩ ᠤᠨ ᠪᠦᠷᠢᠯᠳᠦᠬᠦᠨ ᠨᠠᠷ ᠪᠠᠰᠠ ᠢᠳᠡᠪᠬᠢᠲᠡᠶ ᠰᠠᠨᠠᠯ ᠵᠥᠪᠯᠡᠯᠭᠡ ᠳᠤᠷᠠᠳᠤᠨ ᠠᠷᠭ᠎ᠠ ᠪᠤᠳᠤᠯᠭ᠎ᠠ ᠪᠠᠨ | ᠲᠪᠰᠢᠬᠦᠯᠪᠡ᠃ ᠡᠯ᠎ᠡ ᠵᠠᠰᠠᠭ ᠵᠠᠬᠢᠷᠭᠠᠨ ᠤ ᠲᠣᠰᠬᠤᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠠᠷᠢᠭᠤᠨ | ᠴᠡᠪᠡᠷ ᠢ ᠴᠡᠭᠴᠡᠯᠡᠨ ᠵᠠᠰᠠᠬᠤ ᠳᠤᠮᠳᠠᠬᠢ ᠲᠤᠪᠤᠶᠢᠮ᠎ᠠ ᠲᠠᠯ᠎ᠠ ᠶᠢᠨ ᠠᠵᠢᠯ ᠢ ᠭᠦᠢᠴᠡᠳ ᠨᠤᠲᠠᠯᠠᠵᠤ᠂ ᠣᠷᠣᠰᠢᠵᠤ ᠪᠠᠶᠢᠭ᠎ᠠ ︽ | ᠪᠤᠵᠠᠷ᠂ ᠰᠠᠮᠠᠭᠤᠷᠠᠯ᠂ ᠪᠠᠷᠤᠭᠲᠠᠶ︾ ᠵᠡᠷᠭᠡ ᠠᠰᠠᠭᠤᠳᠠᠯ ᠳᠤ ᠪᠣᠳᠠᠲᠠᠶ ᠰᠠᠨᠠᠭᠤᠯᠭ᠎ᠠ ᠪᠠ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠳᠤᠷᠠᠳᠪᠠ᠃ | ᠵᠠᠩ ᠵᠢᠶᠦ᠋ᠨ ᠲᠤᠤ ᠰᠢᠶᠠᠩ ᠪᠠᠯᠭᠠᠰᠤ ᠨᠢ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ | ᠰᠠᠶᠢᠵᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠦᠲᠦᠭᠡᠨ ᠪᠠᠶᠢᠭᠤᠯᠬᠤ ᠵᠡᠷᠭᠡ ᠶᠢ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠶᠢᠨ | ᠭᠤᠤᠯᠳᠠᠯᠭ᠎ᠠ ᠪᠣᠯᠭᠠᠨ ᠠᠳᠬᠤᠵᠤ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠠᠷᠭ᠎ᠠ ᠬᠡᠮᠵᠢᠶ᠎ᠡ ᠪᠠᠨ | ᠴᠢᠩᠭᠠᠷᠠᠭᠤᠯᠤᠨ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠣᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠶᠢ | ᠢᠳᠡᠪᠬᠢᠲᠡᠶ ᠪᠠᠷ ᠥᠷᠨᠢᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠲᠦᠢᠯᠪᠤᠷᠢᠲᠠᠶ | ᠰᠠᠶᠢᠵᠢᠷᠠᠭᠤᠯᠬᠤ ᠬᠡᠷᠡᠭᠲᠡᠶ ᠬᠡᠵᠦ ᠴᠢᠬᠤᠯᠠᠴᠢᠯᠠᠪᠠ᠃ | | ᠵᠠᠩ ᠵᠢᠶᠦ᠋ᠨ ᠲᠤᠤ ᠱᠠᠭᠠᠷᠳᠠᠭᠰᠠᠨ ᠨᠢ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ | ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠶᠢ | ᠪᠠᠶᠢᠩᠭᠤᠵᠢᠭᠤᠯᠬᠤ ᠠᠵᠢᠯ ᠪᠣᠯᠭᠠᠨ ᠱᠠᠯᠠᠪᠳᠠᠨ ᠠᠳᠬᠤᠵᠤ ᠪᠤᠳᠠᠳᠠᠢ ᠪᠥᠭᠡᠳ ᠨᠠᠷᠢᠯᠢᠭ ᠠᠳᠬᠤᠨ᠎ᠠ︔ ᠬᠤᠭ ᠨᠣᠪᠰᠢ ᠶᠢ | ᠲᠥᠷᠥᠯ ᠬᠤᠪᠢᠶᠠᠬᠤ ᠶᠢ ᠵᠢᠷᠤᠮᠵᠢᠭᠤᠯᠵᠤ᠂ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠳᠡᠯᠭᠡᠷᠡᠭᠦᠯᠵᠦ᠂ ᠬᠤᠭ | ᠨᠣᠪᠰᠢ ᠶᠢ ᠰᠢᠢᠳᠪᠦᠷᠢᠯᠡᠬᠦ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠠᠷᠭ᠎ᠠ ᠵᠠᠮ ᠢ ᠪᠠᠶᠢᠭᠤᠯᠬᠤ ᠬᠡᠷᠡᠭᠲᠡᠶ︔ | ᠲᠠᠷᠢᠶᠠᠴᠢᠳ ᠤᠨ ᠬᠡᠪ ᠴᠢᠨᠠᠷ ᠤᠨ ᠳᠡᠭᠡᠭᠰᠢᠯᠡᠯᠲᠡ ᠶᠢ ᠴᠢᠬᠤᠯᠠᠴᠢᠯᠠᠵᠤ᠂ ᠤᠯᠠᠨ ᠵᠦᠢᠯ ᠤᠨ ᠠᠷᠭ᠎ᠠ ᠵᠠᠮ ᠪᠠ ᠠᠷᠭ᠎ᠠ | ᠵᠠᠮ ᠢᠶᠠᠷ ᠳᠠᠮᠵᠢᠭᠤᠯᠤᠨ᠂ ᠲᠠᠷᠢᠶᠠᠴᠢᠳ ᠤᠨ ᠪᠣᠯᠪᠠᠰᠤᠨ ᠢ ᠡᠷᠬᠢᠮᠯᠡᠬᠦ ᠡᠷᠡᠭᠦᠯ ᠬᠠᠮᠠᠭᠠᠯᠠᠯ ᠢ ᠡᠷᠬᠢᠮᠯᠡᠬᠦ ᠤᠬᠠᠮᠰᠠᠷ ᠢ | ᠬᠥᠮᠦᠵᠢᠭᠦᠯᠬᠦ ᠬᠡᠷᠡᠭᠲᠡᠶ᠃ | ᠵᠣᠬᠢᠶᠠᠭᠴᠢ᠄ ᠵᠠᠩ ᠯᠦ | ᠤᠷᠴᠢᠭᠤᠯᠤᠬᠴᠢ᠄ ᠼᠦᠢ ᠶᠢᠩ |