| ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 11 ᠤ ᠡᠳᠦᠷ ᠤᠨ ᠮᠡᠳᠡᠭᠡ ︵ᠰᠤᠷᠪᠤᠯᠵᠢᠯᠠᠭᠴᠢ ᠢᠦᠶ | ᠴᠢᠶᠦᠩ ᠶᠤᠸᠠᠨ︶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ 11 ᠤ ᠡᠳᠦᠷ | ᠨᠡᠶᠢᠲᠡᠯᠡᠭᠰᠡᠨ ᠰᠢᠨ᠎ᠡ ᠨᠢᠭᠡ ᠬᠤᠭᠤᠴᠠᠭᠠᠨ ᠤ ︽ᠭᠠᠶᠢᠯᠢ ᠶᠢᠨ ᠶᠠᠪᠤᠳᠠᠯ ᠤᠨ ᠬᠢᠴᠢᠶᠡᠯ ᠤᠨ ᠲᠠᠩᠬᠢᠮ︾ ᠤᠨ | ᠸᠢᠳᠢᠣ᠋ ᠳᠤ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠰᠢᠭ ᠣᠷᠣᠯᠭ᠎ᠠ ᠶᠢᠨ ᠭᠠᠶᠢᠯᠢ ᠶᠢᠨ | ᠵᠤᠷᠭᠠᠨ ᠤ ᠳᠡᠳ᠋ ᠳᠠᠷᠤᠭ᠎ᠠ ᠯᠢᠦ ᠪᠦᠦ ᠵᠦ ᠵᠢᠵᠢᠭ ᠬᠡᠯᠪᠡᠷᠢ ᠶᠢᠨ ᠥᠴᠦᠬᠡᠨ ᠠᠰᠢᠭ ᠬᠤᠨᠵᠢᠪᠣᠷᠢ ᠲᠠᠢ ᠠᠵᠤ | ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠰᠢᠭ ᠣᠷᠣᠯᠭ᠎ᠠ ᠶᠢᠨ ᠭᠠᠶᠢᠯᠢ | ᠲᠤᠰᠢᠶᠠᠬᠤ ᠶᠢ ᠬᠤᠶᠢᠰᠢᠯᠠᠭᠤᠯᠬᠤ ᠪᠣᠳᠠᠲᠠᠶ ᠠᠵᠢᠯᠯᠠᠭᠠᠨ ᠤ ᠲᠣᠭᠲᠠᠭᠠᠯ ᠢ ᠨᠠᠷᠢᠨ ᠲᠠᠶᠢᠯᠪᠤᠷᠢᠯᠠᠪᠠ᠃ | ᠪᠠᠭ᠎ᠠ ᠬᠡᠯᠪᠡᠷᠢ ᠶᠢᠨ ᠥᠴᠦᠬᠡᠨ ᠠᠰᠢᠭ ᠬᠤᠨᠵᠢᠪᠣᠷᠢ ᠲᠠᠢ ᠠᠵᠤ ᠠᠬᠤᠶᠢᠯᠠᠯ 2020 ᠤᠨ ᠤ ᠦᠯᠡᠳᠡᠪᠦᠷᠢ | ᠮᠡᠳᠡᠭᠦᠯᠬᠦ ᠬᠤᠭᠤᠴᠠᠭᠠᠨ ᠳᠤ ᠤᠷᠢᠳᠴᠢᠯᠠᠨ ᠲᠤᠰᠢᠶᠠᠬᠤ ᠪᠠᠷ ᠮᠡᠳᠡᠭᠦᠯᠦᠭᠰᠡᠨ ᠤ ᠳᠠᠷᠠᠭ᠎ᠠ᠂ ᠲᠤᠰ ᠬᠤᠭᠤᠴᠠᠭᠠᠨ ᠤ | ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠲᠦᠷ ᠬᠤᠶᠢᠰᠢᠯᠠᠭᠤᠯᠵᠤ ᠪᠣᠯᠤᠨ᠎ᠠ᠂ ᠭᠠᠶᠢᠯᠢ ᠶᠢᠨ ᠵᠣᠭᠤᠰ ᠢ | 2021 ᠣᠨ ᠤ ᠠᠩᠬᠠᠨ ᠤ ᠮᠡᠳᠡᠭᠦᠯᠬᠦ ᠬᠤᠭᠤᠴᠠᠭ᠎ᠠ ᠪᠣᠯᠲᠠᠯ᠎ᠠ ᠬᠠᠮᠲᠤ ᠳᠤᠨᠢ ᠲᠤᠰᠢᠶᠠᠨ᠎ᠠ᠃ ᠲᠡᠭᠡᠪᠡᠯ ᠪᠣᠳᠠᠲᠠᠶ | ᠡᠳ᠋ᠯᠡᠬᠦ ᠨᠥᠬᠦᠴᠡᠯ ᠨᠢ ᠶᠠᠭᠤ ᠪᠣᠶ︖ | ᠯᠢᠦ ᠪᠦᠦ ᠵᠦ ᠶᠢᠨ ᠲᠠᠨᠢᠯᠴᠠᠭᠤᠯᠤᠭᠰᠠᠨ ᠢᠶᠠᠷ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ | ᠲᠤᠰᠢᠶᠠᠬᠤ ᠲᠥᠷᠥ ᠶᠢᠨ ᠪᠣᠳᠣᠯᠭ᠎ᠠ ᠪᠠ ᠵᠢᠵᠢᠭ ᠬᠡᠯᠪᠡᠷᠢ ᠶᠢᠨ ᠥᠴᠦᠬᠡᠨ ᠠᠰᠢᠭ ᠬᠤᠨᠵᠢᠪᠣᠷᠢ ᠲᠠᠢ ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠠᠰᠤᠵᠤ ᠬᠡᠯᠲᠦᠷᠢᠭᠦᠯᠬᠦ | ᠲᠥᠷᠥ ᠶᠢᠨ ᠪᠤᠳᠤᠯᠭ᠎ᠠ ᠳᠠᠬᠢ ᠵᠢᠵᠢᠭ ᠬᠡᠯᠪᠡᠷᠢ ᠶᠢᠨ ᠥᠴᠦᠬᠡᠨ ᠠᠰᠢᠭ ᠬᠤᠨᠵᠢᠪᠣᠷᠢ ᠲᠠᠢ ᠠᠵᠤ ᠠᠬᠤᠶᠢᠯᠠᠯ ᠤᠨ | ᠨᠥᠬᠦᠴᠡᠯ ᠪᠣᠯ ᠠᠳᠠᠯᠢ ᠶᠤᠮ᠃ ᠲᠤᠬᠠᠶᠢᠯᠠᠪᠠᠯ ᠤᠯᠤᠰ ᠠᠴᠠ ᠦᠯᠦ ᠬᠢᠵᠠᠭᠠᠷᠯᠠᠬᠤ ᠪᠠ ᠴᠠᠭᠠᠵᠠᠯᠠᠬᠤ ᠠᠵᠢᠯ | ᠲᠥᠷᠥᠯ ᠢ ᠡᠷᠬᠢᠯᠡᠬᠦ ᠶᠢᠨ ᠬᠠᠮᠲᠤ ᠵᠢᠯ ᠤᠨ ᠭᠠᠶᠢᠯᠢ ᠤᠨ ᠲᠤᠰᠢᠶᠠᠪᠠᠰᠤ ᠵᠣᠬᠢᠬᠤ ᠣᠯᠵᠠᠪᠤᠷᠢ ᠶᠢᠨ ᠲᠤᠭ᠎ᠠ ᠶᠢ 300 | ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂ ᠠᠵᠢᠯᠯᠠᠬᠤ ᠬᠥᠮᠦᠨ ᠤ ᠲᠤᠭ᠎ᠠ ᠶᠢ 300 ᠬᠥᠮᠦᠨ ᠠᠴᠠ | ᠬᠡᠲᠦᠷᠡᠭᠦᠯᠬᠦ ᠦᠭᠡᠢ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ ᠶᠢ 5000 ᠲᠦᠮᠡᠨ ᠲᠥᠭᠦᠷᠢᠭ ᠠᠴᠠ ᠬᠡᠲᠦᠷᠡᠭᠦᠯᠬᠦ | ᠦᠭᠡᠢ ᠵᠡᠷᠭᠡ ᠭᠤᠷᠪᠠᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠣᠯᠤᠨ᠎ᠠ᠃ ᠲᠡᠷᠡᠴᠢᠯᠡᠨ ᠳᠠᠩᠰᠠ ᠪᠠᠶᠢᠴᠠᠭᠠᠵᠤ | ᠲᠠᠲᠠᠪᠤᠷᠢᠯᠠᠬᠤ ᠠᠷᠭ᠎ᠠ ᠬᠡᠯᠪᠡᠷᠢ ᠶᠢ ᠬᠡᠷᠡᠭᠵᠢᠭᠦᠯᠦᠭᠰᠡᠨ ᠴᠦ ᠲᠡᠷᠡ᠂ ᠬᠢᠨᠠᠨ ᠲᠣᠭᠲᠠᠭᠠᠭᠰᠠᠨ ᠲᠠᠲᠠᠪᠤᠷᠢᠯᠠᠬᠤ ᠠᠷᠭ᠎ᠠ | ᠬᠡᠯᠪᠡᠷᠢ ᠪᠦᠬᠦᠢ ᠠᠵᠤ ᠠᠬᠤᠶᠢᠯᠠᠯ ᠴᠤ ᠲᠡᠷᠡ᠂ ᠵᠢᠵᠢᠭ ᠬᠡᠯᠪᠡᠷᠢ ᠶᠢᠨ ᠥᠴᠦᠬᠡᠨ ᠣᠯᠵᠠᠪᠤᠷᠢ ᠲᠠᠢ ᠠᠵᠤ | ᠠᠬᠤᠶᠢᠯᠠᠯ ᠤᠨ ᠨᠥᠬᠦᠴᠡᠯ ᠳᠤ ᠨᠡᠶᠢᠴᠡᠳᠡᠭ ᠯᠡ ᠶᠤᠮ ᠪᠣᠯ ᠴᠥᠮ ᠠᠵᠤ ᠠᠬᠤᠶᠢᠯᠠᠯ ᠤᠨ ᠣᠯᠵᠠᠪᠤᠷᠢ ᠶᠢᠨ | ᠭᠠᠶᠢᠯᠢ ᠶᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠤᠨ᠎ᠠ᠃ | ᠣᠶᠢᠯᠠᠭᠠᠭᠰᠠᠨ ᠢᠶᠠᠷ᠂ ᠵᠢᠵᠢᠭ ᠬᠡᠯᠪᠡᠷᠢ ᠶᠢᠨ ᠥᠴᠦᠬᠡᠨ ᠣᠯᠵᠠᠪᠤᠷᠢ ᠲᠠᠢ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠳᠤ ︽ᠥᠪᠡᠰᠦᠪᠡᠨ ᠢᠯᠭᠠᠨ | ᠳᠣᠲᠣᠯᠠᠬᠤ᠂ ᠭᠤᠶᠤᠴᠢᠯᠠᠨ ᠮᠡᠳᠡᠭᠦᠯᠵᠦ ᠡᠳ᠋ᠯᠡᠭᠦᠯᠬᠦ︾ ᠭᠦᠢᠴᠡᠳᠭᠡᠬᠦ ᠠᠷᠭ᠎ᠠ ᠮᠠᠶ᠋ᠢᠭ ᠢ ᠬᠡᠷᠡᠭᠯᠡᠨ᠎ᠡ᠃ ᠠᠵᠤ | ᠠᠬᠤᠶᠢᠯᠠᠯ ᠵᠢᠵᠢᠭ ᠬᠡᠯᠪᠡᠷᠢ ᠶᠢᠨ ᠥᠴᠦᠬᠡᠨ ᠣᠯᠵᠠᠪᠤᠷᠢ ᠲᠠᠢ ᠠᠵᠤ ᠠᠬᠤᠶᠢᠯᠠᠯ ᠤᠨ ᠨᠥᠬᠦᠴᠡᠯ ᠳᠤ ᠨᠡᠶᠢᠴᠡᠭᠰᠡᠨ | ᠡᠰᠡᠬᠦ ᠶᠢ ᠥᠪᠡᠰᠦᠪᠡᠨ ᠮᠠᠭᠠᠳᠯᠠᠵᠤ᠂ ᠲᠤᠰᠢᠶᠠᠬᠤ ᠭᠠᠶᠢᠯᠢ ᠶᠢᠨ ᠲᠤᠭ᠎ᠠ ᠶᠢ ᠬᠤᠶᠢᠰᠢᠯᠠᠭᠤᠯᠬᠤ ᠶᠢ ᠥᠪᠡᠰᠦᠪᠡᠨ | ᠪᠤᠳᠤᠬᠤ ᠶᠢᠨ ᠬᠠᠮᠲᠤ᠂ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠤᠷᠢᠳᠴᠢᠯᠠᠨ ᠲᠤᠰᠢᠶᠠᠭᠰᠠᠨ ᠭᠠᠶᠢᠯᠢ | ᠲᠤᠰᠢᠶᠠᠬᠤ ᠮᠡᠳᠡᠭᠦᠯᠦᠯᠲᠡ ᠶᠢᠨ ᠬᠦᠰᠦᠨᠦᠭ ᠢ ᠲᠠᠭᠯᠠᠨ ᠮᠡᠳᠡᠭᠦᠯᠬᠦ ᠪᠠᠷ ᠳᠠᠮᠵᠢᠭᠤᠯᠤᠨ ᠬᠤᠶᠢᠰᠢᠯᠠᠭᠤᠯᠤᠨ | ᠲᠤᠰᠢᠶᠠᠬᠤ ᠲᠥᠷᠥ ᠶᠢᠨ ᠪᠣᠳᠣᠯᠭ᠎ᠠ ᠶᠢ ᠬᠦᠷᠳᠡᠨ᠎ᠡ᠃ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 2020 ᠤᠨ ᠤ ᠦᠯᠡᠳᠡᠪᠦᠷᠢ ᠮᠡᠳᠡᠭᠦᠯᠬᠦ | ᠬᠤᠭᠤᠴᠠᠭᠠᠨ ᠳᠤ ᠲᠤᠰ ᠬᠤᠭᠤᠴᠠᠭᠠᠨ ᠤ ᠡᠵᠡᠩᠨᠡᠯᠲᠡ ᠶᠢᠨ ᠠᠰᠢᠭ ᠣᠷᠣᠯᠭ᠎ᠠ ᠶᠢᠨ ᠭᠠᠶᠢᠯᠢ ᠲᠤᠰᠢᠶᠠᠬᠤ ᠶᠢ ᠲᠦᠷ | ᠬᠤᠶᠢᠰᠢᠯᠠᠭᠤᠯᠵᠤ ᠪᠣᠯᠤᠨ᠎ᠠ᠂ 2021 ᠣᠨ ᠤ ᠠᠩᠬᠠᠨ ᠤ ᠮᠡᠳᠡᠭᠦᠯᠬᠦ ᠬᠤᠭᠤᠴᠠᠭᠠᠨ ᠳᠤ ᠬᠠᠮᠲᠤ ᠳᠤᠨᠢ | ᠲᠤᠰᠢᠶᠠᠨ᠎ᠠ᠃ ᠳᠥᠭᠦᠮ ᠮᠡᠳᠡᠭᠦᠯᠬᠦ ᠶᠢ ᠬᠡᠷᠡᠭᠵᠢᠭᠦᠯᠦᠭᠰᠡᠨ 2020 ᠣᠨ ᠤ 5 ᠳ᠋ᠤᠭᠠᠷ ᠰᠠᠷ᠎ᠠ ᠶᠢᠨ 1 ᠤ | ᠡᠳᠦᠷ ᠠᠴᠠ 2020 ᠣᠨ ᠤ 12 ᠳ᠋ᠤᠭᠠᠷ ᠰᠠᠷ᠎ᠠ ᠶᠢᠨ 31 ᠤ ᠡᠳᠤᠷ ᠪᠤᠯᠳᠠᠯ᠎ᠠ ᠬᠤᠪᠢ ᠬᠥᠮᠦᠨ ᠤ ᠠᠰᠢᠭ | ᠣᠷᠣᠯᠭ᠎ᠠ ᠶᠢᠨ ᠭᠠᠶᠢᠯᠢ ᠶᠢ ᠲᠦᠷ ᠰᠠᠭᠤᠯᠭᠠᠨ ᠠᠪᠬᠤ ᠥᠬᠡᠶ ᠪᠠᠶᠢᠵᠤ᠂ 2021 ᠣᠨ ᠤ ᠠᠩᠬᠠᠳᠠᠭᠴᠢ ᠮᠡᠳᠡᠭᠦᠯᠬᠦ | ᠬᠤᠭᠤᠴᠠᠭᠠᠨ ᠳᠤ ᠬᠠᠮᠲᠤ ᠳᠤᠨᠢ ᠬᠤᠪᠢᠶᠠᠷᠢᠯᠠᠨ ᠲᠤᠰᠢᠶᠠᠨ᠎ᠠ᠃ | ᠡᠳ᠋ᠯᠡᠬᠦ ᠬᠡᠪᠴᠢᠶ᠎ᠡ ᠶᠢᠨ ᠲᠠᠯ᠎ᠠ ᠪᠠᠷ᠂ ᠯᠢᠦ ᠪᠦᠦ ᠵᠦ ᠲᠠᠨᠢᠯᠴᠠᠭᠤᠯᠬᠤ ᠳᠠᠭᠠᠨ᠂ ᠲᠠᠩᠰᠠ ᠪᠠᠶᠢᠴᠠᠭᠠᠵᠤ | ᠲᠠᠲᠠᠪᠤᠷᠢᠯᠠᠬᠤ ᠪᠠ ᠭᠠᠶᠢᠯᠢ ᠲᠠᠲᠠᠪᠤᠷᠢᠯᠠᠬᠤ ᠶᠢ ᠬᠢᠨᠠᠨ ᠲᠣᠭᠲᠠᠭᠠᠬᠤ ᠠᠷᠭ᠎ᠠ ᠮᠠᠶ᠋ᠢᠭ ᠢ ᠬᠡᠷᠡᠭᠵᠢᠭᠦᠯᠵᠦ ᠪᠠᠶᠢᠭ᠎ᠠ | ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠴᠥᠮ 2020 ᠣᠨ ᠤ 5 ᠰᠠᠷ᠎ᠠ ᠶᠢᠨ 1 ᠤ ᠡᠳᠦᠷ ᠠᠴᠠ | 2020 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠭᠤᠶᠤᠴᠢᠯᠠᠨ ᠮᠡᠳᠡᠭᠦᠯᠬᠦ ᠬᠤᠭᠤᠴᠠᠭᠠᠨ ᠳᠣᠲᠣᠷ᠎ᠠ | ᠪᠠᠶᠢᠵᠤ ᠪᠣᠯᠤᠨ᠎ᠠ᠃ ᠲᠣᠭᠲᠠᠭᠠᠯ ᠶᠣᠰᠣᠭᠠᠷ ᠲᠤᠰᠢᠶᠠᠬᠤ ᠶᠣᠰᠣᠲᠠᠶ ᠲᠣᠰ ᠬᠤᠭᠤᠴᠠᠭᠠᠨ ᠤ ᠡᠵᠡᠩᠨᠡᠯᠲᠡ ᠶᠢᠨ | ᠠᠰᠢᠭ ᠣᠷᠣᠯᠭ᠎ᠠ ᠶᠢᠨ ᠭᠠᠶᠢᠯᠢ ᠶᠢᠨ ᠭᠠᠶᠢᠯᠢ ᠳᠤ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ | ᠬᠦᠷᠲᠡᠭᠡᠨ᠎ᠡ᠃ | ᠣᠶᠢᠯᠠᠭᠠᠭᠰᠠᠨ ᠢᠶᠠᠷ᠂ ︽ᠭᠠᠶᠢᠯᠢ ᠶᠢᠨ ᠶᠠᠪᠤᠳᠠᠯ ᠤᠨ ᠬᠢᠴᠢᠶᠡᠯ ᠤᠨ ᠲᠢᠩᠭᠢᠮ︾ ᠪᠣᠯ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠤᠨ ︽ᠠᠷᠠᠳ ᠠᠴᠠ ᠡᠷᠭᠢᠯᠡᠭᠰᠡᠨ ᠭᠠᠶᠢᠯᠢ ᠳᠤ ᠲᠥᠬᠦᠮ ᠦᠵᠡᠭᠦᠯᠬᠦ ᠤᠷᠢᠬᠠᠨ | ᠰᠠᠯᠬᠢᠨ ᠤ ᠠᠵᠢᠯᠯᠠᠭ᠎ᠠ︾ ᠶᠢᠨ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃ ᠲᠣᠰ ᠬᠤᠭᠤᠴᠠᠭᠠᠨ ᠤ ︽ᠭᠠᠶᠢᠯᠢ ᠶᠢᠨ | ᠶᠠᠪᠤᠳᠠᠯ ᠤᠨ ᠬᠢᠴᠢᠶᠡᠯ ᠤᠨ ᠲᠢᠩᠭᠢᠮ︾ ᠤᠨ ᠰᠢᠷᠢᠰ ᠬᠢᠴᠢᠶᠡᠯ ᠤᠨ ᠲᠦᠯᠦᠪᠯᠡᠭᠡ ᠶᠢ ᠣᠯᠠᠨ ᠨᠡᠶᠢᠲᠡᠯᠡᠵᠦ᠂ ᠭᠠᠶᠢᠯᠢ | ᠲᠤᠰᠢᠶᠠᠭᠴᠢ᠂ ᠰᠦᠢᠳᠭᠡᠯ ᠲᠤᠰᠢᠶᠠᠭᠴᠢ ᠬᠡᠵᠢᠶ᠎ᠡ ᠬᠠᠮᠢᠭ᠎ᠠ ᠴᠤ ᠭᠡᠳ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ ᠶᠢᠨ ᠠᠯᠪᠠᠨ ᠰᠦᠯᠵᠢᠶ᠎ᠡ ᠵᠢᠴᠢ ᠸᠢᠴᠠᠲ ᠤᠨ ᠣᠯᠠᠨ ᠨᠡᠶᠢᠲᠡ ᠶᠢᠨ ᠨᠣᠮᠧᠷ ᠢᠶᠠᠷ ᠳᠠᠮᠵᠢᠭᠤᠯᠤᠨ | ᠠᠩᠬᠠᠷᠴᠤ ᠪᠣᠯᠤᠨ᠎ᠠ᠃ | | ᠤᠷᠴᠢᠭᠤᠯᠤᠬᠴᠢ ᠄ ᠬᠠᠨ ᠰᠢᠶᠤᠤ ᠿᠦᠩ | ᠬᠢᠨᠠᠬᠴᠢ᠄ ᠼᠦᠢ ᠶᠢᠩ |