| — — ᠬᠠᠭᠤᠴᠢᠨ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠠᠴᠠ ︽ᠠᠯᠪᠠᠨ ᠲᠤᠰᠢᠶᠠᠯᠲᠠᠨ ᠤ | ᠵᠠᠰᠠᠭ ᠤᠨᠶᠠᠪᠤᠳᠠᠯ ᠢ ᠰᠢᠢᠳᠪᠦᠷᠢᠯᠡᠬᠦ ᠬᠠᠤᠯᠢ︾ ᠶᠢ ᠵᠣᠬᠢᠶᠠᠨ ᠪᠠᠶᠢᠭᠤᠯᠤᠨ ᠰᠤᠷᠤᠯᠴᠠᠪᠠ | | ᠣᠶᠢᠷ᠎ᠠ ᠳᠤ᠂ ᠬᠠᠭᠤᠴᠢᠨ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠠᠴᠠ ᠪᠦᠬᠦ ᠤᠳᠤᠷᠢᠳᠬᠤ ᠺᠠᠳ᠋ᠷ ᠢ | ᠵᠣᠬᠢᠶᠠᠨ ᠪᠠᠶᠢᠭᠤᠯᠵᠦ ︽ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠢ ᠰᠢᠢᠳᠪᠦᠷᠢᠯᠡᠬᠦ ᠬᠠᠤᠯᠢ︾ ᠶᠢ | ᠲᠥᠪᠯᠡᠷᠡᠭᠦᠯᠦᠨ ᠰᠤᠷᠤᠯᠴᠠᠵᠦ᠂ ᠬᠤᠷᠠᠯ ᠢ ᠬᠠᠭᠤᠴᠢᠨ ᠬᠤᠲᠠ ᠲᠣᠭᠤᠷᠢᠭ ᠵᠡᠭᠡᠯᠢ ᠭᠤᠳᠤᠮᠵᠢ ᠶᠢᠨ ᠨᠠᠮ ᠤᠨ | ᠠᠵᠢᠯᠯᠠᠬᠤ ᠬᠤᠷᠢᠶᠠᠨ ᠤ ᠱᠦᠵᠢ ᠢᠦᠶ ᠴᠦᠨ ᠹᠧᠩ ᠡᠷᠬᠢᠯᠡᠵᠦ᠂ ᠬᠤᠷᠠᠯ ᠳᠡᠭᠡᠷ᠎ᠡ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ ᠰᠢᠤᠸᠠᠢ ᠼᠠᠢ ᠶᠦᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︽ᠲᠠᠪᠤᠨ | ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠰᠤᠷᠲᠠᠯ ᠤᠨ ᠠᠰᠠᠭᠤᠳᠠᠯ ᠤᠨ ᠲᠤᠬᠠᠶ | ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠭᠰᠠᠨ ᠪᠠᠶᠢᠳᠠᠯ ᠤᠨ ᠲᠤᠬᠠᠶ ᠮᠡᠳᠡᠭᠳᠡᠯ︾ ᠢ ᠵᠠᠷᠯᠠᠨ ᠮᠡᠳᠡᠭᠳᠡᠵᠦ᠂ | ︽ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠲᠡ ᠶᠢᠨ ᠡᠷᠬᠡ ᠳᠤ ᠬᠢᠨᠠᠯᠳᠠ | ᠲᠠᠯᠪᠢᠬᠤ ᠪᠠᠨ ᠴᠢᠩᠭᠠᠳᠬᠠᠶ᠎ᠠ︾ ᠭᠡᠬᠦ ᠰᠡᠳᠦᠪ ᠢᠶᠠᠷ ᠰᠡᠳᠦᠪᠯᠡᠵᠦ᠂ ᠠᠯᠪᠠᠨ ᠲᠤᠰᠢᠶᠠᠯᠲᠠᠨ ᠤ ᠵᠠᠰᠠᠭ ᠤᠨ | ᠶᠠᠪᠤᠳᠠᠯ ᠢ ᠰᠢᠢᠳᠪᠦᠷᠢᠯᠡᠬᠦ ᠬᠠᠤᠯᠢ ᠶᠢ ᠲᠣᠭᠲᠠᠭᠠᠬᠤ ᠠᠴᠢ ᠬᠤᠯᠪᠣᠭᠳᠠᠯ᠂ ᠲᠤᠭᠤᠷᠪᠢᠨ ᠪᠢᠴᠢᠬᠦ ᠰᠡᠳᠬᠢᠴᠡ ᠵᠢᠴᠢ | ᠪᠣᠳᠠᠲᠠᠶ ᠠᠭᠤᠯᠭ᠎ᠠ ᠠᠴᠠ ︽ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠢ ᠰᠢᠢᠳᠪᠦᠷᠢᠯᠡᠬᠦ ᠬᠠᠤᠯᠢ︾ ᠳᠤ ᠨᠠᠷᠢᠨ | ᠲᠠᠶᠢᠯᠪᠤᠷᠢᠯᠠᠯᠲᠠ ᠬᠢᠪᠠ᠃ | ᠵᠠᠰᠠᠭ ᠤᠨ ᠶᠠᠪᠤᠳᠠᠯ ᠤᠨ ᠰᠢᠢᠳᠭᠡᠯ ᠤᠨ ᠬᠠᠤᠯᠢ ᠨᠢ ᠦᠩᠭᠡᠷᠡᠭᠰᠡᠨ ᠤ ᠵᠠᠷᠢᠮ ᠠᠯᠪᠠᠨ ᠲᠤᠰᠢᠶᠠᠯᠲᠠᠨ ᠤ ᠦᠢᠯᠡ | ᠠᠵᠢᠯᠯᠠᠭ᠎ᠠ ᠳᠤ ᠤᠷᠤᠰᠢᠵᠦ ᠪᠠᠶᠢᠭᠰᠠᠨ ︽ᠵᠠᠰᠠᠭ ᠤᠨ ᠰᠠᠬᠢᠯᠭ᠎ᠠ ᠳᠤ ᠲᠣᠬᠢᠷᠠᠬᠤ ᠦᠭᠡᠢ᠂ ᠨᠠᠮ ᠤᠨ ᠰᠠᠬᠢᠯᠭ᠎ᠠ | ᠪᠠᠲᠤ ᠶᠢ ᠬᠠᠮᠢᠶᠠᠷᠴᠤ ᠳᠡᠶᠢᠯᠬᠦ ᠦᠭᠡᠢ︾ ᠦᠵᠡᠭᠳᠡᠯ ᠢ ᠰᠢᠢᠳᠪᠦᠷᠢᠯᠡᠪᠡ᠃ ᠵᠠᠰᠠᠭ ᠤᠨ ᠶᠠᠪᠤᠳᠠᠯ ᠤᠨ ᠰᠢᠢᠳᠭᠡᠯ ᠤᠨ | ᠬᠠᠤᠯᠢ ᠨᠢ ᠬᠠᠤᠯᠢ ᠳᠤ ᠲᠣᠭᠲᠠᠭᠠᠭᠰᠠᠨ ᠡᠲᠡᠭᠡᠳ ᠢ ᠪᠦᠬᠦ ᠲᠠᠯ᠎ᠠ ᠪᠠᠷ ᠰᠢᠢᠳᠭᠡᠯ ᠥᠭᠬᠦ ᠬᠡᠪᠴᠢᠶᠡᠨ ᠳᠤ | ᠣᠷᠣᠭᠤᠯᠵᠤ᠂ ᠡᠷᠬᠡ ᠲᠤᠰᠢᠶᠠᠯ ᠢᠶᠠᠨ ᠠᠰᠢᠭᠯᠠ ᠬᠠᠤᠯᠢ ᠠᠴᠠ ᠵᠥᠷᠢᠴᠡᠭᠰᠡᠨ ᠢ ᠵᠠᠯᠬᠠᠭᠠᠨ ᠴᠡᠭᠡᠷᠯᠡᠭᠦᠯᠬᠦ ᠴᠢᠩᠭ᠎ᠠ | ᠨᠢᠮᠪᠠᠶ ᠬᠠᠤᠯᠢ ᠶᠢᠨ ᠲᠣᠤᠷ ᠢ ᠪᠠᠶᠢᠭᠤᠯᠪᠠ᠃ | ᠬᠠᠮᠤᠭ ᠰᠡᠭᠦᠯ ᠳᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠢᠦᠶ ᠴᠦᠨ ᠹᠧᠩ | ᠴᠢᠬᠤᠯᠠᠴᠢᠯᠠᠭᠰᠠᠨ ᠨᠢ᠂ ᠪᠦᠬᠦ ᠬᠥᠮᠦᠰ ︽ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠢᠳᠭᠡᠯ ᠤᠨ | ᠬᠠᠤᠯᠢ︾ ᠶᠢ ᠬᠢᠨᠠᠮᠠᠭᠠᠶ ᠰᠤᠷᠤᠯᠴᠠᠬᠤ ᠶᠢᠨ ᠬᠠᠮᠲᠤ ᠠᠵᠢᠯ ᠠᠮᠢᠳᠤᠷᠠᠯ ᠤᠨ ᠳᠤᠮᠳᠠ ᠲᠤᠭᠤᠰᠢᠯᠠᠭᠤᠯᠵᠦ᠂ ᠴᠠᠭ | ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ ᠡᠪᠦᠷᠯᠡᠵᠦ᠂ ᠶᠣᠰᠣ ᠳᠦᠷᠢᠮ ᠢ ᠮᠡᠳᠡᠵᠦ᠂ ᠤᠬᠠᠮᠰᠠᠷ ᠠᠴᠠ ᠪᠠᠨ | ᠬᠢᠨᠠᠯᠲᠠ ᠶᠢ ᠬᠦᠯᠢᠶᠡᠬᠦ ᠶᠢᠨ ᠬᠠᠮᠲᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠯᠪᠠᠨ ᠲᠤᠰᠢᠶᠠᠯᠲᠠᠨ ᠤ | ᠬᠠᠤᠯᠢ ᠴᠠᠭᠠᠵᠠ ᠶᠢᠨ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠭᠡᠨ᠂ ᠡᠷᠬᠡ ᠪᠠᠨ ᠭᠤᠣᠯᠴᠢ ᠪᠠᠷ ᠬᠡᠷᠡᠭᠯᠡᠬᠦ ᠦᠵᠡᠯ ᠤᠬᠠᠮᠰᠠᠷ ᠢ ᠴᠢᠩᠭᠠᠳᠬᠠᠵᠤ᠂ | ᠬᠠᠭᠤᠴᠢᠨ ᠬᠤᠲᠠ ᠲᠣᠭᠤᠷᠢᠭ ᠲᠤ ᠠᠷᠢᠭᠤᠨ ᠴᠢᠬᠡᠴᠢ ᠣᠪᠣᠷ ᠲᠥᠪ ᠰᠠᠶᠢᠨ ᠰᠠᠶᠢᠬᠠᠨ ᠬᠡᠪ ᠰᠤᠷᠲᠠᠯ ᠢ ᠪᠣᠶ | ᠪᠤᠯᠭᠠᠵᠦ ᠥᠭᠭᠦᠨ᠎ᠡ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | |