| 7 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠡᠺᠦ᠋ᠸᠠᠳᠤᠷ ᠤᠨ ᠡᠮᠦᠨᠡᠲᠦ ᠠᠮᠧᠷᠢᠺᠠ ᠶᠢᠨ ᠬᠥᠯᠳᠡᠭᠦᠤ ᠴᠠᠭᠠᠨ ᠰᠠᠮ | ᠬᠤᠷᠣᠬᠠᠶ ᠶᠢᠨ ᠭᠠᠳᠠᠷ ᠪᠣᠭᠤᠳᠠᠯ ᠤᠨ ᠦᠯᠢᠭᠡᠷ ᠬᠡᠪ ᠠᠴᠠ ᠰᠢᠨ᠎ᠡ ᠲᠢᠳᠢᠮᠯᠢᠭ ᠸᠢᠷᠦ᠋ᠰ ᠤᠨ ᠪᠥᠭᠡᠮ ᠬᠦᠴᠢᠯ ᠤᠨ ᠠᠷᠭ᠎ᠠ | ᠴᠢᠨᠠᠷ ᠢ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠳᠠ ᠶᠢᠨ ᠲᠣᠪᠴᠢᠶ᠎ᠠ ᠰᠥᠨᠢ ᠪᠠᠷ ᠵᠢᠭᠰᠠᠭᠠᠨ ᠪᠠᠶᠢᠴᠠᠭᠠᠬᠤ ᠠᠵᠢᠯᠯᠠᠭ᠎ᠠ ᠪᠠᠶᠢᠷᠢᠯᠠᠭᠤᠯᠬᠤ ᠶᠢᠨ ᠬᠠᠮᠳᠤ ᠪᠥᠬᠦ | ᠬᠤᠲᠠ ᠶᠢᠨ ᠡᠯ᠎ᠡ ᠲᠣᠮᠣ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠡᠲᠦ ᠳᠡᠯᠭᠡᠭᠦᠷ ᠲᠤ ᠮᠡᠳᠡᠭᠳᠡᠯᠳᠡ ᠳᠤ | ᠬᠤᠯᠪᠣᠭᠳᠠᠭᠰᠠᠨ ᠭᠤᠷᠪᠠᠨ ᠠᠵᠤ ᠠᠬᠤᠶᠢᠯᠠᠯ ᠤᠨ ᠡᠺᠦ᠋ᠸᠠᠳᠤᠷ ᠤᠨ ᠴᠠᠭᠠᠨ ᠰᠠᠮ ᠬᠤᠷᠣᠬᠠᠶ ᠶᠢ ᠪᠥᠬᠦ ᠲᠠᠯ᠎ᠠ ᠪᠠᠷ ᠪᠠᠴᠢᠮ | ᠪᠠᠶᠢᠴᠠᠭᠠᠯᠳᠠ ᠬᠢᠬᠦ ᠶᠢ ᠮᠡᠳᠡᠭᠳᠡᠪᠡ᠃ 7 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠹᠧᠩᠵᠧᠨ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠯ᠎ᠡ ᠦᠨᠳᠦᠰᠦᠨ ᠱᠠᠳᠤᠨ ᠤ ᠬᠢᠨᠠᠯᠲᠠ | ᠬᠠᠮᠢᠶᠠᠷᠤᠯᠲᠠ ᠶᠢᠨ ᠭᠠᠵᠠᠷ ᠪᠦᠭᠦᠳᠡᠭᠡᠷ ᠬᠥᠳᠡᠯᠦᠯᠴᠡᠵᠦ᠂ ᠬᠤᠲᠠ ᠶᠢᠨ ᠲᠣᠭᠤᠷᠢᠭ ᠤᠨ ᠡᠯ᠎ᠡ ᠲᠣᠮᠣ ᠬᠡᠲᠦ ᠳᠡᠯᠭᠡᠭᠦᠷ᠂ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠨᠢᠬᠡᠴᠡ ᠵᠡᠷᠭᠡ ᠭᠤᠤᠯᠳᠠᠯᠭ᠎ᠠ ᠲᠠᠢ ᠡᠵᠡᠩᠨᠡᠯᠲᠡ ᠶᠢᠨ | ᠲᠠᠯᠠᠪᠤᠷ ᠭᠠᠵᠠᠷ ᠤᠨ ᠡᠺᠦ᠋ᠸᠠᠳᠤᠷ ᠠᠴᠠ ᠢᠷᠡᠭᠰᠡᠨ ᠬᠥᠯᠳᠡᠭᠦᠤ ᠰᠠᠮ ᠬᠤᠷᠣᠬᠠᠶ ᠵᠡᠷᠭᠡ ᠦᠢᠯᠡᠳᠭᠦᠨ ᠢ ᠪᠥᠬᠦ ᠲᠠᠯ᠎ᠠ ᠪᠠᠷ | ᠪᠠᠶᠢᠴᠠᠭᠠᠵᠤ ᠬᠠᠮᠢᠶᠠᠷᠤᠨ ᠡᠵᠡᠮᠳᠡᠪᠡ᠃ | | ᠬᠠᠤᠯᠢ ᠬᠡᠷᠡᠭᠵᠢᠭᠦᠯᠦᠭᠴᠢ ᠡᠯ᠎ᠡ ᠡᠵᠡᠩᠨᠡᠯᠲᠡ ᠶᠢᠨ ᠨᠢᠬᠡᠴᠡ ᠶᠢᠨ ᠪᠣᠷᠣᠯᠠᠭᠤᠯᠭ᠎ᠠ ᠪᠠᠶᠢᠬᠤ ᠡᠰᠡᠬᠦ᠂ Industrial | Pesquera Santa Priscila S.A ︵ᠳᠠᠩᠰᠠᠯᠠᠭᠤᠯᠤᠭᠰᠠᠨ ᠳ᠋ᠤᠭᠠᠷ ᠨᠢ 24887︶᠂ Empacreci | S.A ᠺᠣᠮᠫᠠᠨᠢ ︵ᠳᠠᠩᠰᠠᠯᠠᠭᠤᠯᠤᠭᠰᠠᠨ ᠳ᠋ᠤᠭᠠᠷ 681︶᠂ Empacadora Del Pacifico Sociedad | Anonima Edpacif S.A ︵ᠳᠠᠩᠰᠠᠯᠠᠭᠤᠯᠤᠭᠰᠠᠨ ᠳ᠋ᠤᠭᠠᠷ ᠨᠢ 654︶ ᠭᠤᠷᠪᠠᠨ ᠠᠵᠤ ᠠᠬᠤᠶᠢᠯᠠᠯ ᠤᠨ 3 | ᠰᠠᠷ᠎ᠠ ᠶᠢᠨ 12 ᠤᠨ ᠡᠳᠦᠷ ᠠᠴᠠ ᠰᠡᠭᠦᠯᠡᠷ ᠦᠢᠯᠡᠳᠪᠦᠷᠢᠯᠡᠭᠰᠡᠨ ᠬᠥᠯᠳᠡᠭᠦᠦ ᠰᠠᠮ ᠬᠤᠷᠣᠬᠠᠶ᠂ ᠭᠠᠳᠠᠭᠠᠳᠤ ᠠᠴᠠ | ᠣᠷᠣᠭᠤᠯᠤᠭᠰᠠᠨ ᠬᠥᠯᠳᠡᠭᠦᠦ ᠰᠠᠮ ᠬᠤᠷᠣᠬᠠᠶ ᠶᠢᠨ ᠪᠠᠷᠠᠭ᠎ᠠ᠂ ᠬᠥᠮᠥᠷᠭᠡᠯᠡᠨ ᠬᠠᠳᠠᠭᠠᠯᠠᠭᠰᠠᠨ ᠡᠬᠡ ᠳᠠᠩᠰᠠ ᠶᠢᠨ ᠲᠡᠮᠳᠡᠭᠯᠡᠯ | ᠵᠡᠷᠭᠡ ᠶᠢ ᠶᠢ ᠭᠤᠤᠯᠳᠠᠯᠭ᠎ᠠ ᠲᠠᠢ ᠪᠠᠶᠢᠴᠠᠭᠠᠨ᠂ ᠡᠵᠡᠩᠨᠡᠯᠲᠡ ᠶᠢᠨ ᠨᠢᠬᠡᠴᠡ ᠶᠢ ᠰᠢᠮᠳᠠᠭᠤᠯᠤᠨ ᠢᠳᠡᠭᠡᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠣᠳᠠᠲᠠᠶᠢᠵᠢᠭᠤᠯᠤᠨ ᠨᠠᠶᠢᠳᠠᠪᠦᠷᠢᠵᠢᠭᠤᠯᠵᠦ᠂ ᠠᠵᠢᠯᠯᠠᠬᠰᠠᠳ ᠬᠤᠪᠢ | ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠶᠢᠨ ᠬᠠᠮᠲᠤ ᠡᠵᠡᠩᠨᠡᠭᠴᠢ ᠶᠢ ᠢᠳᠡᠭᠡᠨ ᠤ ᠠᠮᠤᠷ | ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ ᠶᠢ ᠱᠠᠭᠠᠷᠳᠠᠵᠤ᠂ ᠬᠡᠷᠡᠭ ᠲᠤ | ᠬᠤᠯᠪᠣᠭᠳᠠᠭᠰᠠᠨ ᠠᠵᠤ ᠠᠬᠤᠶᠢᠯᠠᠯ ᠤᠨ 2020 ᠣᠨ ᠤ 3 ᠰᠠᠷ᠎ᠠ ᠶᠢᠨ 12 ᠤᠨ ᠡᠳᠦᠷ ᠠᠴᠠ ᠰᠡᠭᠦᠯᠡᠷ | ᠦᠢᠯᠡᠳᠪᠦᠷᠢᠯᠡᠭᠰᠡᠨ ᠬᠥᠯᠳᠡᠭᠦᠤ ᠰᠠᠮ ᠬᠤᠷᠣᠬᠠᠶ ᠶᠢ ᠪᠣᠷᠣᠯᠠᠭᠤᠯᠵᠤ ᠪᠣᠯᠬᠤ ᠥᠬᠡᠶ᠂ ᠢᠷᠡᠯᠲᠡ ᠶᠢ ᠨᠢ ᠤᠬᠤᠴᠢᠯᠠᠬᠤ | ᠭᠡᠷᠡᠴᠢ ᠪᠠᠷᠢᠮᠲᠠ ᠥᠬᠡᠶ᠂ ᠢᠷᠡᠯᠲᠡ ᠨᠢ ᠲᠣᠳᠣᠷᠬᠠᠶ ᠥᠬᠡᠶ ᠪᠤᠶᠤ ᠬᠤᠭᠤᠴᠠᠭ᠎ᠠ ᠨᠢ ᠥᠩᠭᠡᠷᠡᠭᠡᠳ ᠴᠢᠨᠠᠷ ᠨᠢ | ᠬᠤᠪᠢᠷᠠᠭᠰᠠᠨ ᠵᠡᠷᠭᠡ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠳᠤ ᠥᠯᠥ ᠨᠡᠶᠢᠴᠡᠬᠦ ᠢᠳᠡᠭᠡᠨ ᠢ ᠬᠤᠳᠠᠯᠳᠤᠨ ᠠᠪᠬᠤ᠂ | ᠬᠠᠳᠠᠭᠠᠯᠠᠬᠤ᠂ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠦ᠂ ᠢᠳᠡᠭᠡᠨ ᠤᠮᠳᠠᠭᠠᠨ ᠤ ᠨᠢᠭᠡᠴᠡ ᠶᠢ ᠰᠢᠮᠳᠠᠭᠤᠯᠵᠤ ᠪᠠᠶᠢᠭᠠᠳ | ᠲᠦᠭᠦᠬᠡᠶ ᠮᠠᠲ᠋ᠧᠷᠢᠶᠠᠯ᠂ ᠢᠯᠠᠩᠭᠤᠶ᠎ᠠ ᠬᠥᠯᠳᠡᠭᠦᠤ ᠮᠢᠬ᠎ᠠ᠂ ᠤᠰᠤᠨ ᠭᠠᠷᠤᠯᠲᠠ᠂ ᠳᠠᠯᠠᠶ ᠶᠢᠨ ᠢᠳᠡᠭᠡᠨ ᠳᠤ ᠭᠡᠷᠡᠴᠢ | ᠪᠠᠷᠢᠮᠲᠠ ᠠᠪᠬᠤ ᠵᠢᠴᠢ ᠢᠷᠡᠯᠲᠡ ᠶᠢ ᠨᠢ ᠡᠷᠢᠬᠦ ᠠᠵᠢᠯ ᠢ ᠰᠠᠶᠢᠲᠤᠷ ᠬᠢᠬᠦ ᠬᠡᠷᠡᠭᠲᠡᠶ ᠬᠡᠵᠦ ᠱᠠᠭᠠᠷᠳᠠᠪᠠ᠃ | | 7 ᠰᠠᠷ᠎ᠠ ᠶᠢᠨ 12 ᠤᠨ ᠡᠳᠦᠷ ᠤᠨ 16 ᠴᠠᠭ ᠪᠣᠯᠲᠠᠯ᠎ᠠ᠂ ᠲᠣᠮᠣ ᠳᠤᠮᠳᠠ ᠬᠡᠯᠪᠡᠷᠢ ᠶᠢᠨ ᠬᠡᠲᠦ ᠳᠡᠯᠭᠡᠭᠦᠷ 10᠂ | ᠬᠦᠢᠳᠡᠨ ᠬᠥᠮᠥᠷᠭᠡ 5᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ 3᠂ ᠤᠰᠤᠨ ᠤ ᠭᠠᠷᠤᠯᠲᠠ ᠲᠡᠯᠡᠶ ᠶᠢᠨ ᠢᠳᠡᠭᠡᠨ ᠤ | ᠳᠡᠯᠭᠡᠭᠦᠷ 17᠂ ᠢᠳᠡᠭᠡᠨ ᠤᠮᠳᠠᠭᠠᠨ ᠤ ᠨᠢᠭᠡᠴᠡ21 ᠶᠢ ᠵᠢᠭᠰᠠᠭᠠᠨ ᠪᠠᠶᠢᠴᠠᠭᠠᠪᠠ᠃ ᠨᠢᠭᠡ ᠬᠡᠲᠦ ᠳᠡᠯᠭᠡᠭᠦᠷ᠂ ᠨᠢᠭᠡ | ᠬᠦᠢᠲᠡᠨ ᠬᠥᠮᠥᠷᠭᠡ ᠬᠠᠮᠢᠶ᠎ᠠ ᠪᠦᠬᠦᠢ ᠪᠦᠲᠦᠭᠡᠭᠳᠡᠬᠦᠨ ᠢ ᠬᠤᠳᠠᠯᠳᠤᠨ ᠠᠪᠴᠤ ᠦᠩᠭᠡᠷᠡᠭᠰᠡᠨ ᠭᠠᠵᠠᠷ᠄ ᠡᠺᠦ᠋ᠸᠠᠳᠤᠷ᠂ 3 | ᠠᠵᠤ ᠠᠬᠤᠶᠢᠯᠠᠯ ᠤᠨ ᠦᠢᠯᠡᠳᠪᠦᠷᠢᠯᠡᠭᠰᠡᠨ ᠴᠠᠭᠠᠨ ᠰᠠᠮ ᠬᠤᠷᠣᠬᠠᠶ ᠳᠤ ᠬᠠᠷᠢᠶᠠᠯᠠᠭᠳᠠᠬᠤ ᠦᠭᠡᠢ︶᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠢ ᠳᠠᠷᠦ᠋ᠢᠬᠠᠨ ᠬᠤᠳᠠᠯᠳᠤᠬᠤ ᠪᠠᠨ ᠵᠣᠭᠰᠣᠵᠤ ᠬᠥᠯᠳᠡᠭᠦᠤ ᠰᠠᠮ ᠬᠤᠷᠣᠬᠠᠶ ᠶᠢᠨ ᠦᠢᠯᠡᠳᠭᠦᠨ ᠢ 16.5 | ᠺᠢᠯᠣᠭ᠍ᠷᠠᠮ ᠪᠢᠲᠡᠭᠦᠮᠵᠢᠯᠡᠨ ᠬᠠᠳᠠᠭᠠᠯᠠᠪᠠ᠃ ᠲᠡᠷᠡᠴᠢᠯᠡᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠯᠠᠮ ᠨᠢᠭᠡ ᠠᠯᠬᠤᠮ | ᠰᠢᠢᠳᠪᠦᠷᠢᠯᠡᠬᠦ ᠠᠵᠢᠯ ᠢ ᠬᠠᠮᠵᠢᠯᠴᠠᠭᠤᠯᠤᠨ ᠰᠠᠶᠢᠲᠤᠷ ᠬᠢᠬᠦ ᠬᠡᠷᠡᠭᠲᠡᠶ᠃ | | ᠵᠣᠬᠢᠶᠠᠭᠴᠢ᠄ ᠸᠠᠩ ᠪᠢᠩ ᠸᠧᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |