2020 ᠣᠨ ᠳᠤ ᠹᠧᠩᠵᠧᠨ ᠬᠤᠲᠠ ᠶᠢᠨ ᠨᠢᠭᠡᠳᠦᠭᠡᠷ ᠬᠤᠭᠤᠴᠠᠭᠠᠨ ᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2020-07-14
   2020 ᠣᠨ ᠤ ᠹᠧᠩᠵᠧᠨ ᠬᠤᠲᠠ ᠶᠢᠨ ᠨᠢᠭᠡᠳᠦᠭᠡᠷ ᠬᠤᠭᠤᠴᠠᠭᠠᠨ ᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠠᠩᠬᠢ 7 ᠰᠠᠷ᠎ᠠ ᠶᠢᠨ 10 ᠤ ᠡᠳᠦᠷ ᠲᠡᠭᠦᠰᠬᠦ ᠶᠣᠰᠣᠯᠠᠯ ᠶᠠᠪᠤᠭᠤᠯᠪᠠ᠃ ᠲᠤᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠨ ᠰᠤᠷᠤᠭᠴᠢᠳ ᠲᠤ ᠠᠳᠠᠯ ᠦᠢᠯᠡᠰ ᠪᠣᠰᠬᠠᠬᠤ ᠣᠷᠴᠢᠨ ᠲᠣᠭᠤᠷᠢᠨ ᠵᠢᠴᠢ ᠵᠠᠰᠠᠭ ᠤᠨ ᠣᠷᠳᠣᠨ ᠤ ᠠᠳᠠᠯ ᠦᠢᠯᠡᠰ ᠪᠣᠰᠬᠠᠬᠤ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠵᠠᠶ᠃ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠦᠵᠡᠯ ᠤᠬᠠᠮᠰᠠᠷ ᠢ ᠳᠡᠭᠡᠭᠰᠢᠯᠡᠭᠦᠯᠵᠦ ᠂ ᠵᠠᠬ᠎ᠠ ᠳᠡᠯᠭᠡᠭᠦᠷ ᠤᠨ ᠡᠵᠡᠨ ᠮᠠᠳᠡᠵᠦ ᠠᠷᠭᠠᠴᠠᠬᠤ ᠴᠢᠳᠠᠪᠤᠷᠢ ᠶᠢ ᠨᠡᠮᠡᠭᠳᠡᠭᠦᠯᠵᠦ᠂ ᠠᠳᠠᠯ ᠦᠢᠯᠡᠰ ᠴᠣᠭᠴᠠᠯᠠᠬᠤ ᠠᠶᠤᠯ ᠲᠦᠭᠰᠢᠭᠦᠷᠢ ᠠᠴᠠ ᠵᠠᠶᠢᠯᠠᠵᠤ᠂ ᠠᠳᠠᠯ ᠦᠢᠯᠡᠰ ᠴᠣᠭᠴᠠᠯᠠᠬᠤ ᠠᠮᠵᠢᠯᠲᠠ ᠣᠯᠬᠤ ᠣᠷᠮ᠎ᠠ ᠶᠢ ᠲᠡᠭᠡᠭᠰᠢᠯᠡᠬᠦᠯᠬᠦ ᠶᠢᠨ ᠬᠠᠮᠲᠤ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠰᠤᠷᠤᠭᠴᠢ ᠳᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠬᠢᠷᠢ ᠲᠡᠩᠴᠡᠭᠰᠡᠨ ᠦᠨᠡᠮᠯᠡᠯ ᠤᠯᠭᠤᠪᠠ᠃    ᠲᠣᠰ ᠤᠳᠠᠭᠠᠨ ᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠬᠢᠴᠢᠶᠡᠯ ᠤᠨ ᠲᠣᠬᠢᠷᠠᠭᠤᠯᠤᠯᠲᠠ ᠨᠢ ᠪᠠᠴᠢᠮ ᠪᠥᠭᠡᠳ ᠵᠦᠶ ᠵᠣᠬᠢᠰᠲᠠᠶ᠂ ᠵᠢᠭᠠᠨ ᠰᠤᠷᠭᠠᠯᠲᠠ ᠶᠢᠨ ᠠᠭᠤᠯᠭ᠎ᠠ ᠶᠢᠨ ᠬᠠᠨᠳᠤᠯᠭᠠᠲᠤ ᠴᠢᠨᠠᠷ ᠢᠶᠠᠷ ᠴᠢᠩᠭ᠎ᠠ ᠪᠤᠯᠤᠨ᠎ᠠ᠃ ᠪᠠᠭᠰᠢ ᠨᠠᠷ ᠰᠤᠷᠤᠭᠴᠢ ᠨᠢᠭᠡᠪᠦᠷᠢ ᠶᠢᠨ ᠠᠳᠠᠯᠢ ᠪᠤᠰᠤ ᠣᠨᠴᠠᠯᠢᠭ᠂ ᠠᠳᠠᠯᠢ ᠪᠤᠰᠤ ᠱᠠᠭᠠᠷᠳᠠᠯᠭ᠎ᠠ ᠶᠢ ᠦᠨᠳᠦᠰᠦᠯᠡᠨ᠂ ᠥᠪᠡᠷ ᠢ ᠪᠠᠨ ᠦᠨᠡᠯᠡᠨ ᠵᠢᠱᠢᠬᠦ᠂ ᠨᠡᠶᠢᠭᠡᠮ ᠤᠨ ᠲᠠᠨᠢᠯᠲᠠ᠂ ᠦᠢᠯᠡᠰ ᠪᠣᠰᠬᠠᠬᠤ ᠴᠢᠭᠯᠡᠯ ᠵᠡᠷᠭᠡ ᠲᠠᠯ᠎ᠠ ᠪᠠᠷ ᠰᠤᠷᠤᠭᠴᠢᠳ ᠲᠠᠢ ᠰᠢᠰᠲ᠋ᠧᠮ ᠲᠠᠢ ᠭᠦᠨᠵᠡᠭᠡᠶ ᠨᠡᠪᠲᠡᠷᠡᠯᠴᠡᠭᠡ ᠬᠢᠵᠦ᠂ ᠣᠶᠢᠯᠠᠭᠠᠮᠵᠢᠲᠠᠶ ᠤᠶᠢᠯᠠᠭᠠᠭᠳᠠᠬᠤᠨ ᠪᠣᠯᠤᠨ ᠠᠰᠠᠭᠤᠳᠠᠯ ᠨᠢᠭᠡᠪᠦᠷᠢ ᠶᠢ ᠨᠢᠮᠪᠠᠢ ᠵᠢᠯᠤᠭᠤᠳᠤᠨ ᠨᠠᠷᠢᠨ ᠲᠠᠶᠢᠯᠪᠦᠷᠢᠯᠡᠵᠦ ᠦᠭᠪᠡ᠃                                ᠤᠷᠴᠢᠭᠤᠯᠤᠭᠴᠢ᠄ ᠬᠠᠨ ᠰᠢᠶᠤᠤ ᠿᠦᠩ                          ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3