| ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠬᠤ ᠶᠢᠨ ᠲᠥᠯᠥᠭᠡ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠦᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ | ᠠᠯᠬᠤᠮ ᠪᠠᠬᠢᠵᠢᠭᠦᠯᠦᠨ ᠥᠷᠭᠡᠳᠬᠡᠵᠦ᠂ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠪᠡᠯᠭᠡᠯᠡᠬᠦ ᠲᠠᠢ | ᠤᠶᠠᠯᠳᠤᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠤ ᠬᠤᠪᠢᠰᠬᠠᠯ ᠤᠨ ᠲᠡᠤᠬᠡ ᠪᠠ ᠨᠠᠮ ᠳᠤ ᠣᠷᠣᠬᠤ ᠤᠭ | ᠰᠠᠨᠠᠭ᠎ᠠ ᠪᠠᠨ ᠲᠠᠬᠢᠨ ᠡᠷᠭᠢᠴᠡᠭᠦᠯᠵᠦ ᠳᠤᠷᠠᠰᠤᠨ ᠰᠠᠨᠠᠭᠠᠯᠵᠠᠬᠤ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠪᠠ᠃ | 7 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠬᠤᠶᠢᠳᠤ ᠲᠣᠭᠤᠷᠢᠭ ᠤᠨ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠪᠥᠬᠦ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ᠨᠠᠨ ᠮᠤᠤ | ᠳ᠋ᠢᠶᠠᠨ ᠨᠡᠶᠢᠭᠡᠮ ᠲᠤᠭᠤᠷᠢᠭ ᠲᠤ ︽ᠨᠠᠮ ᠤᠨ ᠲᠡᠤᠬᠡ ᠪᠠ ᠣᠭ ᠰᠠᠨᠠᠭ᠎ᠠ ᠪᠠᠨ ᠲᠠᠬᠢᠨ ᠡᠷᠭᠢᠴᠡᠭᠦᠯᠬᠦ᠂ ᠨᠠᠮᠴᠢ | ᠴᠢᠨᠠᠷ ᠤᠨ ᠦᠢᠯᠡᠳᠦᠯᠭᠡ ᠶᠢᠨ ᠡᠭᠦᠷᠭᠡ ᠬᠠᠷᠢᠭᠤᠴᠠᠯᠭ᠎ᠠ ᠪᠠᠨ ᠳᠠᠪᠲᠠᠨ ᠪᠣᠯᠪᠠᠰᠤᠷᠠᠭᠤᠯᠬᠤ︾ ᠨᠠᠮ ᠤᠨ ᠬᠢᠴᠢᠶᠡᠯ ᠤᠨ | ᠲᠠᠶᠢᠯᠤᠮᠵᠢ ᠵᠢᠴᠢ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ ᠵᠡᠭᠡᠯᠢ | ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ᠂ ᠡᠯ᠎ᠡ | ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ ᠪᠠ ᠬᠡᠰᠡᠭ ᠨᠠᠮ ᠤᠨ ᠭᠡᠰᠢᠭᠦᠨ ᠣᠷᠣᠯᠴᠠᠪᠠ᠃ | ᠠᠵᠢᠯᠯᠠᠭ᠎ᠠ ᠶᠢ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠪᠠᠢ ᠬᠠᠢ ᠯᠦᠩ ᠡᠷᠬᠢᠯᠡᠪᠡ᠃ | ᠠᠵᠢᠯᠯᠠᠭ᠎ᠠ ᠨᠢ ᠨᠠᠮ ᠳᠤ ᠣᠷᠣᠬᠤ ᠢᠳᠡᠷᠡᠭᠦᠨ ᠴᠢᠩᠭ᠎ᠠ ᠲᠠᠩᠭᠠᠷᠢᠭ ᠤᠨ ᠳᠤᠮᠳᠠ ᠬᠥᠰᠢᠭᠡ ᠪᠠᠨ ᠰᠡᠬᠦᠵᠦ᠂ | ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠯᠢᠦ ᠵᠤᠤ ᠰᠢᠶᠠ ᠪᠦᠬᠦ ᠨᠠᠮ ᠤᠨ ᠭᠡᠰᠢᠭᠦᠨ ᠢ ᠳᠠᠭᠠᠭᠤᠯᠤᠨ ᠨᠠᠮ ᠤᠨ | ᠲᠤᠭ ᠤᠨ ᠡᠮᠦᠨ᠎ᠡ ᠲᠥᠪ ᠴᠢᠩᠭ᠎ᠠ ᠲᠠᠩᠭᠠᠷᠢᠭ ᠬᠢᠵᠦ᠂ ᠨᠠᠮ ᠳᠤ ᠣᠷᠣᠬᠤ ᠲᠠᠩᠭᠠᠷᠢᠭ ᠢ ᠳᠠᠬᠢᠨ ᠤᠶᠢᠯᠠᠭᠠᠵᠤ᠂ | ᠨᠠᠮ ᠳᠤ ᠣᠷᠣᠬᠤ ᠤᠭ ᠰᠠᠨᠠᠭ᠎ᠠ ᠪᠠᠨ ᠪᠠᠳᠤᠳᠬᠠᠨ᠂ ᠨᠠᠮ ᠤᠨ ᠭᠡᠰᠢᠭᠦᠳ ᠲᠤ ᠨᠠᠮ ᠤᠨ ᠵᠣᠷᠢᠯᠲᠠ ᠶᠢ ᠪᠠᠲᠤ | ᠴᠡᠭᠡᠵᠢᠯᠡᠵᠦ᠂ ᠡᠪ ᠬᠠᠮᠲᠤ ᠨᠠᠮ ᠤᠨ ᠭᠡᠰᠢᠭᠦᠨ ᠤ ᠲᠡᠷᠢᠭᠦᠨ ᠴᠢᠨᠠᠷ ᠢ ᠪᠠᠳᠤᠯᠠᠬᠤ ᠶᠢ ᠴᠠᠭ ᠢᠮᠠᠭᠲᠠ ᠰᠠᠨᠠᠭᠤᠯᠤᠨ᠎ᠠ᠃ | | ᠬᠤᠷᠠᠯ ᠳᠡᠭᠡᠷ᠎ᠡ᠂ ᠪᠦᠬᠦ ᠨᠠᠮ ᠤᠨ ᠭᠡᠰᠢᠭᠦᠨ ᠨᠠᠮ ᠤᠨ ᠰᠤᠷᠭᠠᠭᠤᠯᠢ ᠶᠢᠨ ᠪᠠᠭᠰᠢ ᠶᠠᠩ ᠶᠠᠨ ᠰᠢᠶᠠ ᠶᠢᠨ | ᠨᠠᠮ ᠤᠨ ᠬᠢᠴᠢᠶᠡᠯ ᠤᠨ ᠲᠠᠶᠢᠯᠤᠮᠵᠢ ᠶᠢ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠣᠨᠣᠰᠴᠤ ᠨᠠᠮ ᠢ ᠡᠭᠦᠳᠦᠨ | ᠪᠠᠶᠢᠭᠤᠯᠬᠤ᠂ ᠠᠷᠠᠳ ᠤᠨ ᠵᠠᠰᠠᠭ ᠢ ᠪᠠᠶᠢᠭᠤᠯᠬᠤ᠂ ᠨᠡᠶᠢᠭᠡᠮ ᠵᠢᠷᠤᠮ ᠢ ᠬᠥᠭᠵᠢᠭᠦᠯᠬᠦ ᠵᠡᠷᠭᠡ ᠲᠠᠯ᠎ᠠ ᠪᠠᠷ ᠮᠠᠨ ᠤ | ᠨᠠᠮ ᠤᠨ ᠶᠠᠪᠤᠵᠤ ᠢᠷᠡᠭᠰᠡᠨ 99 ᠵᠢᠯ ᠤᠨ ᠭᠡᠷᠡᠯ ᠰᠠᠴᠤᠷᠠᠩᠭᠤᠢ ᠥᠩᠭᠡᠷᠡᠯᠲᠡ ᠶᠢ ᠲᠠᠨᠢᠯᠴᠠᠭᠤᠯᠵᠤ᠂ ᠦᠶ᠎ᠡ | ᠦᠶ᠎ᠡ ᠶᠢᠨ ᠡᠪ ᠬᠠᠮᠲᠤᠴᠤᠳ ᠤᠨ ᠡᠭᠦᠳᠦᠨ ᠪᠠᠶᠢᠭᠤᠯᠤᠭᠰᠠᠨ ᠪᠠᠯᠠᠷᠠᠰᠢ ᠦᠭᠡᠢ ᠠᠭᠤᠤ ᠦᠢᠯᠡᠰ ᠢ ᠡᠷᠭᠢᠴᠡᠭᠦᠯᠪᠡ᠃ | ᠶᠠᠩ ᠪᠠᠭᠰᠢ ᠶᠢᠨ ᠭᠤᠶᠢᠳᠠ ᠰᠠᠶᠢᠬᠠᠨ ᠲᠠᠶᠢᠯᠪᠤᠷᠢᠯᠠᠯ ᠢᠶᠠᠷ ᠳᠠᠮᠵᠢᠨ᠂ ᠨᠠᠮ ᠤᠨ ᠭᠡᠰᠢᠭᠦᠨ ᠨᠠᠮ | ᠪᠠᠶᠢᠭᠤᠯᠤᠭᠳᠠᠭᠰᠠᠨ ᠲᠡᠤᠬᠡᠨ ᠶᠠᠪᠤᠴᠠ ᠶᠢ ᠤᠶᠢᠯᠠᠭᠠᠵᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠭ ᠰᠠᠨᠠᠭ᠎ᠠ | ᠪᠣᠯᠤᠨ ᠡᠭᠦᠷᠭᠡ ᠬᠠᠷᠢᠭᠤᠴᠠᠯᠭ᠎ᠠ ᠶᠢ ᠨᠡᠩ ᠰᠡᠷᠭᠡᠭ ᠢᠶᠠᠷ ᠲᠠᠨᠢᠪᠠ᠂ ᠡᠨᠡ ᠪᠤᠯ ᠳᠠᠷᠤᠶ ᠳᠤᠮᠳᠠᠳᠤ ᠤᠯᠤᠰ ᠤᠨ | ᠠᠷᠠᠳ ᠲᠦᠮᠡᠨ ᠳᠤ ᠵᠣᠯ ᠵᠢᠷᠭᠠᠯ ᠢ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ | ᠪᠡᠶᠡᠯᠡᠭᠦᠯᠬᠦ ᠶᠠᠪᠤᠳᠠᠯ ᠪᠣᠯᠤᠨ᠎ᠠ᠃ | ᠡᠴᠦᠰ ᠲᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠪᠠᠢ ᠬᠠᠢ ᠯᠦᠩ | ᠳ᠋ᠦᠩᠨᠡᠯᠳᠡ ᠶᠢᠨ ᠶᠡᠷᠢᠶ᠎ᠠ ᠲᠠᠯᠪᠢᠨ᠂ ᠡᠩ ᠲᠡᠷᠢᠭᠦᠨ ᠳᠤ ᠨᠠᠮ ᠤᠨ ᠰᠤᠷᠭᠠᠭᠤᠯᠢ ᠶᠢᠨ ᠶᠠᠩ ᠪᠠᠭᠰᠢ ᠶᠢᠨ ᠭᠤᠶᠢᠳᠠ | ᠰᠠᠶᠢᠬᠠᠨ ᠲᠠᠶᠢᠯᠪᠤᠷᠢᠯᠠᠯᠲᠠ ᠳᠤ ᠲᠠᠯᠠᠷᠬᠠᠵᠦ ᠪᠠᠶᠢᠬᠤ ᠪᠠᠨ ᠢᠯᠡᠳᠬᠡᠪᠡ᠃ ᠲᠡᠷᠡ᠄ ᠲᠤᠰ ᠤᠳᠠᠭᠠᠨ ᠤ | ᠠᠵᠢᠯᠯᠠᠭ᠎ᠠ ᠶᠢᠨ ᠵᠣᠷᠢᠯᠭ᠎ᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ | ᠤᠢ ᠶᠢ ᠳᠤᠷᠠᠰᠬᠠᠬᠤ ᠶᠢᠨ ᠲᠥᠯᠥᠭᠡ ᠶᠤᠮ᠃ ᠡᠨᠡᠬᠦ ᠵᠠᠭᠤᠨ ᠵᠢᠯ ᠤᠨ ᠯᠤᠲᠤ ᠶᠡᠭᠡ ᠬᠤᠪᠢᠷᠠᠯᠲᠠ ᠶᠢᠨ ᠳᠤᠮᠳᠠ | ᠪᠢᠳᠡ ᠲᠡᠦᠬᠡ ᠪᠠᠷ ᠲᠣᠯᠢ ᠪᠣᠯᠭᠠᠬᠤ ᠬᠡᠷᠡᠭᠲᠡᠶ᠃ ᠲᠡᠤᠬᠡᠨ ᠲᠤᠷᠰᠢᠯᠭ᠎ᠠ ᠪᠠᠷ ᠲᠤᠯᠢ ᠪᠣᠯᠭᠠᠬᠤ ᠪᠠ ᠬᠡᠷᠡᠭᠯᠡᠬᠦ ᠶᠢ | ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠶᠢᠨ ᠡᠭᠦᠷᠭᠡᠯᠡᠯ ᠢᠶᠠᠨ ᠭᠦᠢᠴᠡᠳᠭᠡᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠭᠤᠤ ᠶᠡᠭᠡ ᠵᠡᠭᠦᠳᠦ ᠶᠢ ᠪᠡᠶᠡᠯᠡᠭᠦᠯᠬᠦ ᠶᠠᠪᠤᠴᠠ ᠳᠤ ᠤᠬ | ᠰᠠᠨᠠᠭ᠎ᠠ ᠪᠠᠨ ᠦᠯᠦ ᠮᠠᠷᠲᠠᠵᠤ ᠦᠷᠭᠦᠯᠵᠢᠯᠡᠨ ᠤᠷᠤᠭᠰᠢᠯᠠᠨ᠎ᠠ᠃ ᠡᠬᠡ ᠣᠷᠣᠨ᠂ ᠠᠷᠠᠳ ᠲᠦᠮᠡᠨ᠂ | ᠦᠨᠳᠦᠰᠦᠲᠡᠨ ᠤ ᠲᠥᠯᠥᠭᠡ ᠬᠤᠪᠢ ᠨᠡᠮᠡᠷᠢ ᠦᠵᠡᠭᠦᠯᠬᠦ ᠳᠤᠮᠳᠠ ᠭᠡᠷᠡᠯ ᠭᠢᠯᠪᠠᠭ᠎ᠠ ᠪᠠᠨ ᠰᠠᠴᠤᠷᠠᠭᠤᠯᠤᠶ᠎ᠠ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |