| ᠨᠠᠮ ᠪᠠᠶᠢᠭᠤᠯᠤᠭᠳᠠᠭᠰᠠᠨ ᠶᠡᠷᠡ ᠶᠢᠰᠦᠨ ᠵᠢᠯ ᠤᠨ ᠤᠢ ᠶᠢ ᠳᠤᠷᠠᠰᠬᠠᠬᠤ ᠶᠢᠨ ᠲᠥᠯᠥᠭᠡ᠂ ᠦᠶ᠎ᠡ ᠦᠶ᠎ᠡ ᠶᠢᠨ | ᠡᠪ ᠬᠠᠮᠳᠤᠴᠤᠳ ᠤᠨ ᠡᠷᠡᠰ ᠪᠠᠲᠤ ᠢᠲᠡᠭᠡᠯ ᠵᠣᠷᠢᠭ ᠪᠣᠯᠤᠨ ᠤᠯᠠᠭᠠᠨ ᠵᠢᠷᠦᠬᠡᠳᠡᠨ ᠤ ᠬᠠᠶᠢᠷ᠎ᠠ ᠰᠡᠳᠭᠢᠯᠭᠡ ᠶᠢ | ᠣᠶᠢᠯᠠᠭᠠᠵᠤ᠂ ᠨᠠᠮ ᠤᠨ ᠲᠡᠮᠡᠴᠡᠯ ᠤᠨ ᠲᠡᠦᠬᠡ ᠶᠢ ᠡᠷᠭᠢᠴᠡᠭᠦᠯᠵᠦ᠂ ᠨᠠᠮ ᠤᠨ ᠭᠡᠷᠡᠯ ᠰᠠᠴᠤᠷᠠᠩᠭᠤᠢ ᠠᠮᠵᠢᠯᠳᠠ | ᠪᠦᠲᠦᠮᠵᠢ ᠶᠢ ᠮᠠᠭᠲᠠᠨ ᠳᠠᠭᠤᠯᠠᠵᠤ᠂ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠪᠠ᠃ 7 | ᠰᠠᠷ᠎ᠠ ᠶᠢᠨ 3 ᠤ ᠡᠳᠦᠷ᠂ ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠨᠠᠮ ᠤᠨ ᠡᠭᠦᠷ ᠨᠠᠮ | ᠪᠠᠶᠢᠭᠤᠯᠤᠭᠳᠠᠭᠰᠠᠨ 99 ᠵᠢᠯ ᠤᠨ ᠣᠶ ᠶᠢ ᠳᠤᠷᠠᠰᠬᠠᠬᠤ ᠨᠠᠮ ᠤᠨ ᠳᠦᠷᠢᠮ ᠨᠠᠮ ᠤᠨ ᠲᠡᠤᠬᠡ ᠨᠠᠮ ᠤᠨ | ᠪᠠᠶᠢᠭᠤᠯᠤᠯᠲᠠ ᠶᠢᠨ ᠮᠡᠳᠡᠯᠭᠡ ᠶᠢᠨ ᠤᠷᠤᠯᠳᠤᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ | ᠦᠷᠨᠢᠬᠦᠯᠪᠡ᠃ ᠪᠠᠶᠢᠭᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠲᠤᠰ ᠤᠳᠠᠭᠠᠨ ᠤ | ᠠᠵᠢᠯᠯᠠᠭ᠎ᠠ ᠳᠤ ᠣᠷᠣᠯᠴᠠᠪᠠ᠃ | ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠯᠢᠦᠢ ᠷᠦᠢ ᠯᠢᠨ ᠨᠥᠬᠦᠷ ᠲᠤᠰ ᠤᠳᠠᠭ᠎ᠠ ᠶᠢᠨ ᠠᠵᠢᠯᠯᠠᠭ᠎ᠠ ᠶᠢ | ᠡᠷᠭᠢᠯᠡᠪᠡ᠃ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠭᠤᠤ ᠮᠢᠩ ᠲᠠᠩ ᠨᠥᠬᠦᠷ ᠨᠠᠮ ᠳᠤ ᠣᠷᠣᠬᠤ | ᠲᠠᠩᠭᠠᠷᠢᠭ ᠤᠨ ᠦᠭᠡ ᠶᠢ ᠳᠠᠭᠠᠭᠤᠯᠤᠨ ᠤᠩᠰᠢᠵᠦ ᠤᠬᠠᠭᠤᠯᠪᠠ᠃ ᠳᠠᠷᠠᠭ᠎ᠠ ᠨᠢ᠂ ᠨᠠᠮ ᠤᠨ ᠳᠦᠷᠢᠮ ᠨᠠᠮ ᠤᠨ | ᠲᠡᠦᠬᠡ ᠨᠠᠮ ᠤᠨ ᠪᠠᠶᠢᠭᠤᠯᠤᠯᠲᠠ ᠶᠢᠨ ᠮᠡᠳᠡᠯᠭᠡ ᠶᠢᠨ ᠤᠷᠤᠯᠳᠤᠭᠠᠨ ᠦᠷᠨᠢᠭᠦᠯᠵᠦ᠂ ᠨᠠᠮ ᠤᠨ ᠭᠡᠰᠢᠭᠦᠳ ᠤᠷᠮ᠎ᠠ | ᠵᠣᠷᠢᠭ ᠬᠥᠭᠵᠢᠩᠭᠦᠢ ᠪᠠᠶᠢᠵᠤ᠂ ᠢᠳᠡᠪᠬᠢᠲᠡᠢ ᠬᠠᠷᠢᠭᠤᠯᠲᠠ ᠥᠭᠴᠦ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ | ᠬᠦᠷ ᠬᠥᠭᠵᠢᠶᠡᠨᠲᠡᠢ ᠪᠠᠶᠢᠵᠤ᠂ ᠪᠠᠶᠢᠭᠤᠯᠭ᠎ᠠ ᠶᠢᠨ ᠨᠠᠮ ᠤᠨ ᠡᠭᠦᠷ ᠪᠠᠰᠠ ᠰᠡᠳᠦᠪ ᠬᠠᠷᠢᠭᠤᠯᠵᠦ ᠢᠯᠠᠯᠲᠠ | ᠣᠯᠤᠭᠰᠠᠳ ᠲᠤ ᠱᠠᠩᠨᠠᠯ ᠣᠯᠭᠤᠪᠠ᠃ ᠲᠤᠰ ᠤᠳᠠᠭᠠᠨ ᠤ ᠤᠷᠤᠯᠳᠤᠭᠠᠨ ᠨᠢ ᠮᠡᠳᠡᠯᠭᠡ ᠶᠢᠨ ᠴᠢᠨᠠᠷ᠂ ᠰᠤᠷᠭᠠᠨ | ᠬᠥᠮᠦᠵᠢᠯ ᠤᠨ ᠴᠢᠨᠠᠷ᠂ ᠬᠡᠷᠡᠭᠯᠡᠭᠡᠨ ᠤ ᠴᠢᠨᠠᠷ᠂ ᠰᠤᠨᠢᠷᠬᠠᠯᠳᠤ ᠴᠢᠨᠠᠷ ᠢ ᠨᠢᠭᠡ ᠴᠣᠭᠴᠠᠵᠢᠭᠤᠯᠤᠭᠰᠠᠨ ᠮᠡᠳᠡᠯᠭᠡ ᠶᠢᠨ | ᠤᠷᠤᠯᠳᠤᠭᠠᠨ ᠪᠠᠶᠢᠵᠦ᠂ ᠨᠠᠮ ᠤᠨ ᠭᠡᠰᠢᠭᠦᠳ ᠤᠨ ᠮᠡᠳᠡᠯᠭᠡ ᠶᠢᠨ ᠬᠤᠷᠠᠮᠳᠤᠭᠤᠯᠤᠯ ᠤᠨ ᠬᠡᠮᠵᠢᠶ᠎ᠡ ᠶᠢ | ᠰᠢᠯᠭᠠᠭᠰᠠᠨ ᠢᠶᠠᠷ ᠪᠠᠷᠠᠬᠤ ᠦᠭᠡᠢ᠂ ᠪᠠᠰᠠ ᠣᠯᠠᠨ ᠤ ᠲᠤᠬᠠᠶ ᠶᠢᠨ ᠲᠠᠯᠠᠪᠤᠷ ᠤᠨ ᠬᠠᠷᠢᠭᠤᠯᠬᠤ ᠴᠢᠳᠠᠪᠤᠷᠢ ᠶᠢ | ᠰᠢᠯᠭᠠᠵᠤ᠂ ᠣᠯᠠᠨ ᠳᠤ ᠶᠡᠭᠡ ᠠᠰᠢᠭ ᠬᠦᠷᠳᠡᠭᠡᠵᠦ᠂ ᠨᠠᠮ ᠤᠨ ᠲᠦᠷᠢᠮ ᠨᠠᠮ ᠤᠨ ᠲᠡᠦᠬᠡ ᠨᠠᠮ ᠤᠨ | ᠪᠠᠶᠢᠭᠤᠯᠤᠯᠲᠠ ᠶᠢᠨ ᠮᠡᠳᠡᠯᠭᠡ ᠶᠢ ᠨᠡᠩ ᠴᠤ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠪᠠ᠃ | ᠡᠴᠦᠰ ᠲᠤ᠂ ᠨᠠᠮ ᠤᠨ ᠭᠡᠰᠢᠭᠦᠨ ᠲᠤᠬᠠᠢ ᠶᠢᠨ ᠲᠠᠯᠠᠪᠤᠷ ᠲᠤ ᠨᠠᠮ ᠤᠨ ᠰᠦᠢᠳᠬᠡᠯ ᠬᠤᠷᠢᠶᠠᠬᠤ᠂ | ᠬᠤᠪᠢᠰᠬᠠᠯᠳᠤ ᠺᠢᠨᠤ᠋ ᠦᠵᠡᠬᠦ᠂ ᠰᠡᠳᠬᠢᠯ ᠤᠨ ᠦᠭᠡ ᠪᠠᠨ ᠶᠠᠷᠢᠯᠴᠠᠬᠤ ᠵᠡᠷᠭᠡ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ᠄ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠥᠨᠢ ᠡᠭᠦᠷᠢᠳᠡ ᠨᠠᠮ ᠢᠶᠠᠨ ᠳᠠᠭᠠᠵᠤ᠂ ᠨᠠᠮ ᠤᠨ ᠦᠭᠡ ᠶᠢ ᠰᠣᠨᠣᠰᠴᠤ᠂ | ᠡᠪ ᠬᠠᠮᠳᠤ ᠨᠠᠮᠴᠤᠤᠳ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠲᠤᠳᠬᠠᠵᠤ᠂ | ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠰᠡᠯᠡᠩ ᠢᠲᠡᠭᠡᠯ ᠵᠣᠷᠢᠭ ᠢᠶᠠᠨ | ᠪᠠᠲᠤᠳᠬᠠᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠨᠡᠮᠡᠭᠳᠡᠭᠦᠯᠵᠦ᠂ ᠪᠦᠬᠦ ᠰᠡᠳᠬᠢᠯ | ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠪᠠᠨ ᠢᠯᠡᠷᠭᠡᠶᠢᠯᠡᠪᠡ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |