︽ᠨᠠᠷᠢᠯᠢᠭᠵᠢᠭᠤᠯᠬᠤ︾ ᠪᠠ ︽ᠣᠨᠣᠪᠴᠢᠲᠠᠢ︾ ᠲᠡᠭᠡᠷ᠎ᠡ ᠬᠦᠴᠦ ᠤᠷᠤᠭᠤᠯᠵᠦ ᠠᠷᠭ᠎ᠠ ᠤᠬᠠᠭᠠᠨ ᠭᠠᠷᠭᠠᠨ᠎ᠠ
ᠨᠡᠶᠢᠲᠡᠯᠡᠭᠰᠡᠨ ᠴᠠᠭ᠄
2020-07-15
             — ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠳᠠ ᠶᠢᠨ ᠬᠤᠷᠢᠶᠠᠨ ᠤ  ᠳᠡᠳ᠋ ᠱᠦᠵᠢ᠂ ᠵᠠᠰᠠᠭ ᠤᠨ ᠤᠷᠳᠤᠨ ᠤ ᠳᠠᠷᠤᠭ᠎ᠠ ᠸᠠᠩ ᡁᠢ ᠶᠦᠩ    ᠲᠣᠪᠴᠢ ᠲᠠᠨᠢᠯᠴᠠᠭᠤᠯᠭ᠎ᠠ᠄ ᠣᠶᠢᠷ᠎ᠠ ᠶᠢᠨ ᠵᠢᠯ ᠳᠤ᠂ ᠹᠧᠩᠵᠧᠨ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ   ᠨᠠᠶᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢᠨ ᠲᠣᠭᠤᠷᠢᠨ ᠳᠤ᠂ ︽ᠵᠢᠷᠭᠤᠭᠠᠨ ᠨᠠᠷᠢᠯᠢᠭ ᠤᠨᠤᠪᠴᠢᠳᠠᠢ︾ ︽ᠲᠠᠪᠤᠨ ᠨᠢᠭᠡ ᠪᠦᠯᠦᠭ︾ ᠤᠨ ᠱᠠᠭᠠᠷᠳᠠᠯᠭ᠎ᠠ ᠶᠣᠰᠣᠭᠠᠷ᠂ ᠰᠡᠳᠬᠢᠴᠡ ᠪᠠᠨ ᠲᠣᠳᠣᠷᠬᠠᠶ ᠪᠣᠯᠭᠠᠵᠤ᠂ ᠨᠠᠷᠢᠨ ᠨᠢᠮᠪᠠᠶ ᠲᠥᠯᠥᠪᠯᠡᠵᠦ᠂ ᠪᠡᠶ᠎ᠡ ᠪᠠᠨ ᠬᠡᠮᠵᠢᠵᠦ ᠬᠤᠪᠴᠠᠰᠤ ᠡᠰᠭᠡᠵᠦ᠂ ᠡᠷᠦᠬᠡ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠱᠠᠲᠤ ᠦᠶᠡᠴᠢ ᠴᠢᠨᠠᠷᠲᠠᠶ ᠦᠷ᠎ᠡ ᠪᠦᠲᠦᠮᠵᠢ ᠤᠯᠪᠠ᠃ ᠣᠶᠢᠷ᠎ᠠ ᠳᠤ᠂ ᠲᠣᠰ ᠰᠦᠯᠵᠢᠶᠡᠨ ᠤ ᠰᠤᠷᠪᠤᠯᠵᠢᠯᠠᠭᠴᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠶ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠲᠠᠷᠤᠭ᠎ᠠ ᠸᠠᠩ ᡁᠢ ᠶᠦᠩ ᠢ ᠰᠤᠷᠪᠤᠯᠵᠢᠯᠠᠪᠠ᠃    ᠰᠤᠷᠪᠤᠯᠵᠢᠯᠠᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︖ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠪᠠᠷ ᠲᠠ ᠪᠦᠬᠦᠨ ᠳᠤ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠶᠦᠩ ᠢ ᠤᠷᠢᠵᠤ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠦᠯᠵᠢᠶᠡᠨ ᠳᠡᠭᠡᠷ᠎ᠡ ᠰᠣᠯᠢᠯᠴᠠᠭᠤᠯᠪᠠ᠃ ᠸᠠᠩ ᠬᠤᠲᠠ ᠶᠢᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕    ᠸᠠᠩ ᡁᠢ ᠶᠦᠩ᠄ ᠬᠥᠲᠥᠯᠥᠭᠴᠢ ᠰᠠᠶᠢᠨ ᠦᠦ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕    ᠰᠤᠷᠪᠤᠯᠵᠢᠯᠠᠭᠴᠢ᠄ ᠸᠠᠩ ᠬᠤᠲᠠ ᠶᠢᠨ ᠳᠠᠷᠤᠭ᠎ᠠ ᠡ᠂ ᠮᠢᠨᠦ ᠪᠤᠳᠤᠬᠤ ᠪᠠᠷ᠂ ᠰᠦᠯᠵᠢᠶᠡᠨ ᠠᠨᠳᠠ ᠨᠠᠷ ᠤᠨ ᠬᠠᠮᠤᠭ ᠠᠴᠠ ᠢᠯᠡᠭᠦᠤ ᠠᠩᠬᠠᠷᠴᠤ ᠪᠠᠶᠢᠭ᠎ᠠ ᠨᠢ ᠮᠠᠨ ᠤ ᠹᠧᠩᠵᠧᠨ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠣᠯᠤᠭᠰᠠᠨ ᠦᠷ᠎ᠡ ᠪᠦᠲᠦᠮᠵᠢ ᠪᠣᠯᠤᠨ᠎ᠠ᠃ ᠲᠠ ᠪᠢᠳᠡᠨ ᠳᠤ ᠳᠥᠭᠦᠮᠬᠡᠨ ᠲᠠᠨᠢᠯᠴᠠᠭᠤᠯᠭ᠎ᠠ ᠬᠢᠵᠦ ᠦᠭᠭᠦᠨᠦ︕    ᠸᠠᠩ ᡁᠢ ᠶᠦᠩ᠄ 2018 ᠣᠨ ᠤ ᠡᠴᠦᠰ ᠪᠣᠯᠲᠠᠯ᠎ᠠ᠂ ᠹᠧᠩᠵᠧᠨ ᠬᠤᠲᠠ ᠶᠢᠨ ᠲᠠᠩᠰᠠᠯᠠᠬᠰᠠᠨ ᠺᠠᠷᠲ ᠲᠠᠢ ᠶᠠᠳᠠᠭᠤ ᠬᠦᠴᠢᠷᠳᠡᠯᠳᠡᠢ ᠬᠥᠮᠦᠨ ᠠᠮᠠ 6307 ᠡᠷᠦᠬᠡ ᠶᠢᠨ 13342 ᠬᠦᠮᠦᠨ ᠪᠠᠶᠢᠨ᠎ᠠ᠃ 2016 ᠣᠨ ᠠᠴᠠ ᠨᠠᠭᠠᠰᠢ᠂ ᠭᠤᠷᠪᠠᠨ ᠵᠢᠯ ᠳᠤ ᠨᠡᠶᠢᠳᠡ 5750 ᠡᠷᠦᠬᠡ ᠶᠢᠨ 12103 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ 50 ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠣᠳᠣᠬᠠᠨ ᠳᠤ᠂ ᠹᠧᠩᠵᠧᠨ ᠬᠤᠲᠠ ᠶᠢᠨ ᠶᠠᠳᠠᠭᠤ ᠠᠴᠠ ᠠᠩᠭᠢᠵᠢᠷᠠᠭᠠᠳᠤᠶ ᠬᠥᠮᠦᠨ ᠠᠮᠠ 557 ᠡᠷᠦᠬᠡ ᠶᠢᠨ 1239 ᠬᠦᠮᠦᠨ ᠪᠤᠯᠤᠨ ᠪᠠᠭᠠᠰᠴᠤ᠂ ᠶᠠᠳᠠᠭᠤ ᠬᠦᠴᠢᠷᠳᠡᠯ ᠡᠭᠦᠰᠬᠦ ᠨᠣᠷᠮ᠎ᠠ 0.54% ᠪᠣᠯᠲᠠᠯ᠎ᠠ ᠪᠠᠭᠤᠷᠠᠪᠠ᠃ ᠡᠨᠡ ᠵᠢᠯ ᠤᠨ 3 ᠰᠠᠷ᠎ᠠ ᠶᠢᠨ 15 ᠤ ᠡᠳᠦᠷ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠳᠠᠬᠢᠨ ᠪᠠᠶᠢᠴᠠᠭᠠᠯᠲᠠ ᠶᠢ ᠬᠦᠯᠢᠶᠡᠵᠡᠶ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠶᠢ ᠲᠣᠭᠲᠠᠭᠤᠨ ᠢᠶᠠᠷ ᠪᠡᠶᠡᠯᠡᠭᠦᠯᠵᠦ᠂ ︽ᠭᠤᠷᠪᠠᠨ ᠨᠣᠷᠮ᠎ᠠ ᠨᠢᠭᠡ ᠦᠶ᠎ᠡ︾ ᠶᠢ ᠪᠠᠷᠢᠮᠵᠢᠶ᠎ᠠ ᠳᠤ ᠬᠦᠷᠦᠭᠦᠯᠦᠨ᠎ᠡ᠃ 2018 ᠤᠨ ᠤ 7 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠠᠯᠪᠠᠨ ᠵᠠᠷ ᠭᠠᠷᠭᠠᠵᠤ᠂ ᠹᠧᠩᠵᠧᠨ ᠬᠤᠲᠠ ᠶᠢᠨ ᠶᠠᠳᠠᠭᠤ ᠠᠴᠠ ᠠᠩᠭᠢᠵᠢᠷᠠᠬᠤ ᠶᠢ ᠵᠥᠪᠰᠢᠶᠡᠷᠡᠵᠦ᠂ ᠹᠧᠩᠵᠧᠨ ᠬᠤᠲᠠ ᠨᠢ ᠥᠪᠡᠷᠲᠡᠭᠡᠨ ᠵᠠᠰᠠᠬᠤ ᠣᠷᠣᠨ ᠤ ᠲᠦᠷᠦᠭᠦᠤ ᠪᠦᠯᠦᠭ᠂ ᠤᠯᠠᠭᠠᠨᠴᠠᠪ ᠬᠤᠲᠠ ᠶᠢᠨ ᠠᠩᠬᠠᠳᠠᠭᠴᠢ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠪᠣᠯᠪᠠ᠃    ᠰᠤᠷᠪᠤᠯᠵᠢᠯᠠᠭᠴᠢ᠄ ᠪᠢᠳᠡ ᠪᠠᠰᠠ ᠨᠢᠭᠡ ᠵᠦᠢᠯ ᠢ ᠣᠶᠢᠯᠠᠭᠠᠶ᠎ᠠ ᠭᠡᠵᠦ ᠪᠤᠳᠤᠵᠤ ᠪᠠᠶᠢᠨ᠎ᠠ᠃ ᠡᠨᠡ ᠬᠡᠳᠦᠨ ᠵᠢᠯ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠡᠭᠦᠷᠭᠡ ᠪᠠ ᠶᠠᠳᠠᠭᠤ ᠶᠢ ᠲᠡᠳᠬᠦᠬᠦ ᠲᠥᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠮᠠᠨ ᠤ ᠬᠤᠲᠠ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠣᠢ︖    ᠸᠠᠩ ᡁᠢ ᠶᠦᠩ᠄ ᠪᠢᠳᠡ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ︽ᠵᠢᠷᠭᠤᠭᠠᠨ ᠣᠨᠣᠪᠴᠢᠲᠠᠶ ᠪᠠᠶᠢᠬᠤ︾ ᠱᠠᠭᠠᠷᠳᠠᠯᠭ᠎ᠠ ᠶᠣᠰᠣᠭᠠᠷ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠬᠥᠮᠦᠨ ᠤ ᠪᠠᠶᠢᠳᠠᠯ ᠢ ᠦᠨᠳᠦᠰᠦᠯᠡᠨ ᠲᠤᠬᠢᠷᠠᠭᠤᠯᠵᠤ᠂ ᠨᠠᠷᠢᠯᠢᠭ ᠤᠨᠤᠪᠴᠢᠳᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠯᠢᠭ ᠤᠨᠤᠪᠴᠢᠳᠠᠢ ᠪᠠᠷ ᠬᠦᠴᠦᠯᠡᠵᠦ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠪᠣᠳᠠᠲᠠᠶ ᠶᠢ ᠡᠷᠬᠢᠮᠯᠡᠬᠦ᠂ ᠶᠠᠳᠠᠭᠤ ᠠᠴᠠ ᠠᠩᠭᠢᠵᠢᠷᠠᠭᠤᠯᠬᠤ ᠶᠠᠪᠤᠴᠠ ᠯᠠᠪᠳᠠᠭᠤᠨ ᠪᠠᠲᠤᠲᠠᠶ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠤᠨ ᠦᠨᠡᠨ ᠪᠣᠳᠠᠲᠠᠶ ᠪᠠᠶᠢᠬᠤ ᠶᠢ ᠦᠨᠡᠨ ᠬᠦ ᠪᠠᠲᠤᠯᠠᠨ᠎ᠠ᠃ ᠹᠧᠩᠵᠧᠨ ᠬᠤᠲᠠ ᠶᠢᠨ ᠶᠠᠳᠠᠭᠤ ᠵᠦᠳᠡᠭᠦᠦ ᠪᠠᠶᠢᠳᠠᠯ ᠳᠤ ᠴᠢᠭᠯᠡᠭᠦᠯᠦᠨ᠂ ᠪᠢᠳᠡ ᠳᠣᠣᠷᠠᠬᠢ ᠠᠵᠢᠯ ᠢ ᠬᠢᠪᠡ᠄    ᠨᠢᠭᠡ᠂ ᠨᠢᠭᠡ ᠵᠤᠷᠪᠤᠰ ︽ᠶᠠᠳᠠᠭᠤ ᠠᠴᠠ ᠠᠩᠭᠢᠵᠢᠷᠠᠭᠤᠯᠬᠤ ᠵᠠᠮ︾ ᠢ ᠰᠠᠶᠢᠲᠤᠷ ᠲᠣᠭᠲᠠᠭᠠᠵᠤ᠂ ᠶᠠᠳᠠᠭᠤ ᠶᠢ ᠲᠡᠳᠭᠦᠭᠦ ᠰᠢᠨ᠎ᠡ ᠵᠠᠭᠪᠤᠷ ᠢ ᠨᠡᠭᠡᠭᠡᠨ᠎ᠡ᠃ ᠡᠨᠡ ᠵᠢᠯ ᠠᠴᠠ ᠨᠠᠰᠢ᠂ ᠹᠧᠩᠵᠧᠨ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ︽ᠬᠤᠪᠢ ᠣᠷᠣᠭᠤᠯᠤᠭᠰᠠᠨ ᠮᠥᠩᠭᠦ + ᠲᠦᠷᠢᠶᠡᠰᠦᠨ ᠮᠥᠩᠭᠦ + ᠴᠠᠯᠢᠩ ᠮᠥᠩᠭᠦ︾᠂ ︽ᠺᠣᠮᠫᠠᠨᠢ ︵ᠬᠤᠷᠰᠢᠶ᠎ᠠ︶ + ᠲᠠᠷᠢᠶᠠᠴᠢᠨ ᠡᠷᠦᠬᠡ︾᠂ ︽ᠲᠣᠰᠬᠤᠨ ᠤ ᠬᠠᠮᠲᠤ + ᠬᠤᠷᠰᠢᠶ᠎ᠠ + ᠲᠠᠷᠢᠶᠠᠴᠢᠨ ᠡᠷᠦᠬᠡ︾᠂ ︽ᠲᠣᠰᠬᠤᠨ ᠤ ᠬᠠᠮᠲᠤ ᠶᠢᠨ ᠬᠢ + ᠲᠠᠷᠢᠶᠠᠴᠢᠨ ᠡᠷᠦᠬᠡ︾᠂ ︽ᠲᠣᠰᠬᠤᠨ ᠤ ᠨᠠᠮ ᠤᠨ ᠡᠭᠦᠷ + ᠲᠠᠷᠢᠶᠠᠴᠢᠨ ᠡᠷᠦᠬᠡ︾ ᠵᠡᠷᠭᠡ ᠬᠠᠪᠰᠤᠷᠤᠨ ᠲᠡᠳᠬᠦᠬᠦ ᠵᠠᠭᠪᠤᠷ ᠢ ᠢᠳᠡᠪᠬᠢᠲᠡᠢ ᠰᠦᠪᠡᠭᠴᠢᠯᠡᠨ᠎ᠡ᠃ ᠨᠢᠭᠡᠨ ᠵᠢᠯᠣᠭᠤᠳᠬᠤ ᠳᠣᠬᠢᠭᠤᠷ ᠢ ᠰᠠᠶᠢᠲᠤᠷ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠵᠢᠭᠰᠠᠭᠠᠯ ᠤᠨ ᠭᠠᠵᠠᠷ ︽ᠨᠠᠮ ᠤᠨ ᠲᠤᠭ ᠬᠠᠳᠬᠤᠬᠤ︾᠂ ︽ᠨᠠᠮ ᠠᠴᠠ ᠶᠠᠳᠠᠭᠤ ᠶᠢ ᠲᠡᠳᠬᠦᠬᠦ ᠶᠢ ᠬᠠᠮᠢᠶᠠᠷᠬᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ︾ ᠶᠢ ᠪᠠᠶᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠢᠨᠵᠧᠨᠧᠷᠢᠩ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ ᠪᠦᠬᠦ ᠬᠤᠲᠠ ᠳᠤ 6105.5451 ᠲᠦᠮᠡᠨ ᠲᠥᠭᠦᠷᠢᠭ ᠤᠨ ᠠᠵᠤ ᠦᠢᠯᠡᠰ ᠤᠨ ᠲᠥᠷᠥᠯ ᠵᠦᠢᠯ ᠤᠨ ᠪᠡᠯᠡ ᠮᠥᠩᠭᠦ ᠰᠠᠯᠭᠠᠨ ᠦᠭᠴᠦ᠂ 10461 ᠶᠠᠳᠠᠭᠤ ᠬᠦᠴᠢᠷᠳᠡᠯᠲᠡᠢ ᠤᠯᠠᠨ ᠲᠦᠮᠡᠨ ᠳᠤᠮᠳᠠ ᠠᠴᠠ ᠨᠢ ᠠᠰᠢᠭ ᠬᠦᠷᠳᠡᠵᠦ᠂ 83.6% ᠶᠢᠨ ᠶᠠᠳᠠᠭᠤ ᠬᠦᠴᠢᠷᠳᠡᠯᠳᠡᠢ ᠬᠥᠮᠦᠨ ᠠᠮᠠ ᠶᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠪᠦᠬᠦᠨ ᠢ ᠪᠡᠶᠡᠯᠡᠭᠦᠯᠵᠡᠢ᠃ ︽ᠬᠤᠪᠢ ᠣᠷᠣᠭᠤᠯᠤᠭᠰᠠᠨ ᠮᠥᠩᠭᠦ + ᠲᠦᠷᠢᠶᠡᠰᠦᠨ ᠮᠥᠩᠭᠦ + ᠴᠠᠯᠢᠩ ᠮᠥᠩᠭᠦ︾ ᠵᠡᠷᠭᠡ ᠵᠠᠭᠪᠤᠷ ᠢᠶᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ 653 ᠡᠷᠦᠬᠡ ᠶᠢᠨ 1394 ᠬᠥᠮᠦᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ︔ ︽ᠵᠠᠬᠢᠶᠠᠯᠠᠭ᠎ᠠ ᠶᠢᠨ ᠬᠡᠯᠪᠡᠷᠢ︾ ᠶᠢᠨ ᠠᠵᠤ ᠦᠢᠯᠡᠰᠵᠢᠭᠰᠡᠨ ᠡᠵᠡᠩᠨᠡᠯᠲᠡ ᠶᠢ ᠬᠡᠷᠡᠭᠵᠢᠭᠦᠯᠵᠦ᠂ ᠪᠦᠬᠦ ᠬᠤᠲᠠ ᠶᠢᠨ 60% ᠠᠴᠠ ᠳᠡᠭᠡᠭᠰᠢᠬᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠳᠤ ᠵᠠᠬᠢᠶᠠᠯᠠᠯᠳᠠ ᠲᠠᠢ ᠪᠠᠷ ᠬᠤᠳᠠᠯᠳᠤᠨ ᠠᠪᠬᠤ ᠶᠢ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠬᠦᠴᠢᠷᠳᠡᠯᠳᠡᠢ᠂ ᠭᠠᠷᠤᠯᠲᠠ ᠨᠡᠮᠡᠭᠳᠡᠭᠰᠡᠨ ᠦᠭᠡᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ︔ ᠬᠠᠮᠲᠤ ᠶᠢᠨ ᠠᠵᠤ ᠠᠬᠤᠢ ᠶᠢ ᠬᠦᠴᠦᠯᠡᠨ ᠪᠤᠵᠠᠭᠠᠶᠢᠷᠠᠭᠤᠯᠵᠤ᠂ ᠪᠦᠬᠦ ᠬᠤᠲᠠ ᠶᠢᠨ 91 ᠭᠠᠴᠠᠭᠠᠨ ᠤ ᠬᠠᠮᠲᠤ ᠶᠢᠨ ᠠᠵᠤ ᠠᠬᠤᠢ ᠶᠢ ᠪᠦᠬᠦᠨ ᠢ ︽ᠲᠡᠭ︾ ᠪᠣᠯᠭᠠᠵᠤ᠂ 66 ᠭᠠᠴᠠᠭᠠᠨ ᠤ ᠣᠷᠣᠯᠭ᠎ᠠ 5 ᠲᠦᠮᠡᠨ ᠲᠥᠭᠦᠷᠢᠭ ᠢ ᠳᠠᠪᠠᠪᠠ᠃ ᠡᠨᠡᠬᠦ ᠰᠠᠭᠤᠷᠢᠨ ᠳᠡᠭᠡᠷ᠎ᠡ᠂ ᠬᠠᠮᠲᠤ ᠶᠢᠨ ᠠᠵᠤ ᠠᠬᠤᠢ ᠶᠢᠨ ᠵᠠᠯᠭᠠᠮᠵᠢ ᠬᠠᠮᠢᠶᠠᠷᠤᠯᠲᠠ ᠶᠢᠨ ᠳᠦᠷᠢᠮ ᠢ ᠬᠦᠴᠦᠯᠡᠨ ᠰᠤᠳᠤᠯᠵᠤ᠂ ᠭᠤᠷᠪᠠᠨ ᠵᠢᠯ ᠤᠨ ᠳᠠᠷᠠᠭᠠᠬᠢ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠬᠠᠭᠠᠯᠠᠨ ᠰᠡᠳᠦᠵᠦ᠂ ᠬᠠᠮᠲᠤ ᠶᠢᠨ ᠠᠵᠤ ᠠᠬᠤᠶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ᠂ ᠡᠳ᠋ ᠬᠥᠷᠥᠩᠭᠡ ᠶᠢ ᠢᠯᠭᠠᠨ ᠪᠠᠶᠢᠴᠠᠭᠠᠵᠤ ᠦᠨᠡᠯᠡᠨ ᠵᠢᠱᠢᠬᠦ ᠲᠦᠷᠢᠮ᠂ ᠲᠣᠰᠬᠤᠨ ᠤ ᠺᠠᠳ᠋ᠷ ᠢ ᠤᠷᠮᠠᠰᠢᠭᠤᠯᠤᠨ ᠵᠣᠷᠢᠭᠵᠢᠭᠤᠯᠵᠤ ᠱᠠᠩᠨᠠᠨ ᠰᠢᠢᠳᠭᠡᠬᠦ  ᠲᠦᠷᠢᠮ ᠪᠠ ᠡᠳᠦᠷ ᠲᠤᠲᠤᠮ ᠤᠨ ᠬᠠᠮᠢᠶᠠᠷᠤᠯᠲᠠ ᠶᠢᠨ ᠲᠦᠷᠢᠮ ᠢ ᠲᠣᠭᠲᠠᠭᠠᠨ ᠨᠡᠶᠢᠲᠡᠯᠡᠪᠡ᠃ ᠮᠥᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠬᠦ ᠪᠠᠷ ᠳᠠᠮᠵᠢᠭᠤᠯᠤᠨ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ 377 ᠡᠷᠦᠬᠡ ᠳᠤ ᠨᠡᠶᠢᠲᠡ 1728.5 ᠲᠦᠮᠡᠨ ᠲᠥᠭᠦᠷᠢᠭ ᠲᠠᠯᠪᠢᠪᠠ︔ ᠲᠣᠯᠣᠭᠠᠶᠢᠯᠠᠭᠴᠢ ᠠᠵᠤ ᠠᠬᠤᠶᠢᠯᠠᠯ ᠪᠣᠯᠤᠨ ᠲᠤᠰᠬᠠᠢ ᠬᠤᠷᠰᠢᠶᠠᠵᠢᠯ ᠤᠨ 2355 ᠲᠦᠮᠡᠨ ᠲᠥᠭᠦᠷᠢᠭ ᠤᠨ ᠵᠢᠭᠡᠯᠡᠯᠭᠡ ᠶᠢ ᠲᠡᠳᠬᠦᠵᠦ᠂ 643 ᠶᠠᠳᠠᠭᠤ ᠬᠦᠴᠢᠷᠲᠡᠢ ᠡᠷᠦᠬᠡ ᠶᠢ ᠳᠠᠶᠢᠴᠢᠯᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠳᠠ ᠶᠢ ᠬᠢᠨᠠᠮᠠᠭᠠᠶ ᠰᠠᠶᠢᠲᠤᠷ ᠠᠳᠬᠤᠵᠤ᠂ 2018 ᠣᠨ ᠳᠤ 1651 ᠲᠥᠷᠥᠯ ᠵᠦᠢᠯ ᠪᠠᠶᠢᠵᠤ᠂ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠠᠮᠵᠢᠵᠤ᠂ ᠡᠨᠡ ᠵᠢᠯ 1132 ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠲᠥᠷᠥᠯ ᠵᠦᠢᠯ ᠳᠤ ᠦᠬᠡᠷ᠂ ᠬᠤᠨᠢ᠂ ᠭᠠᠭ᠋ᠠᠶ᠂ ᠡᠯᠵᠢᠭᠡ᠂ ᠲᠠᠬᠢᠶ᠎ᠠ ᠵᠡᠷᠭᠡ ᠤᠯᠠᠮᠵᠢᠯᠠᠯᠲᠤ ᠲᠡᠵᠢᠭᠡᠨ ᠦᠷᠡᠵᠢᠭᠦᠯᠬᠦ ᠢᠳᠡᠰᠢᠨ ᠲᠠᠭᠲᠠᠭ᠎ᠠ᠂ ᠲᠠᠤᠯᠠᠢ᠂ ᠲᠡᠮᠡᠭᠡ᠂ ᠲᠡᠮᠡᠭᠡᠨ ᠬᠢᠷᠭᠤᠤᠯ ᠵᠡᠷᠭᠡ ᠣᠨᠴᠠᠯᠢᠭᠲᠤ ᠲᠡᠵᠢᠭᠡᠨ ᠦᠷᠡᠵᠢᠭᠦᠯᠬᠦ ᠵᠢᠴᠢ ᠡᠷᠳᠡᠨᠢ ᠰᠢᠰᠢ᠂ ᠲᠥᠮᠥᠰᠥ᠂ ᠨᠡᠷᠡᠨ ᠬᠤᠸᠠᠷ᠂ ᠡᠯᠳᠡᠪ ᠠᠮᠤ ᠡᠯᠳᠡᠪ ᠪᠤᠷᠴᠠᠭ᠂ ᠰᠢᠷ᠎ᠠ ᠴᠡᠴᠡᠭ᠂ ᠰᠤᠶᠢᠬ᠎ᠠ ᠡᠪᠡᠰᠦ᠂ ᠵᠡᠷᠯᠢᠭ ᠢᠩᠲᠣᠣᠷ ᠵᠢᠮᠢᠰᠭᠡᠨ᠎ᠡ  ᠂ ᠴᠢᠨ᠋ᠸ᠎ᠠ ᠶᠢᠨ ᠬᠠᠷᠮᠠᠭ᠂ ᠶᠠᠮᠠ ᠣᠯᠣᠰᠣ᠂ ᠬᠦᠷᠢᠶ᠎ᠡ ᠬᠠᠰᠢᠶ᠎ᠠ ᠶᠢᠨ ᠠᠵᠤ ᠠᠬᠤᠶ ᠶᠢᠨ ᠣᠶ ᠵᠡᠷᠭᠡ ᠣᠨᠴᠠᠯᠢᠭᠲᠤ ᠲᠠᠷᠢᠮᠠᠯ ᠢ ᠪᠠᠭᠲᠠᠭᠠᠬᠤ ᠶᠢᠨ ᠬᠠᠮᠲᠤ ᠵᠢᠭᠤᠯᠴᠢᠯᠠᠯ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠶᠢ ᠢᠳᠡᠪᠬᠢᠲᠡᠶ ᠬᠥᠭᠵᠢᠭᠦᠯᠵᠡᠶ᠃ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠤᠯᠠᠨ ᠠᠷᠭ᠎ᠠ ᠵᠠᠮ ᠢᠶᠠᠷ ᠠᠬᠢᠭᠤᠯᠤᠨ᠎ᠠ᠃   ᠬᠤᠶᠠᠷ᠂ ︽ᠪᠠᠲᠤᠯᠠᠭ᠎ᠠ ᠶᠢᠨ ᠰᠦᠯᠵᠢᠶ᠎ᠡ︾ ᠶᠢ ᠰᠠᠶᠢᠲᠤᠷ ᠰᠦᠯᠵᠢᠵᠦ᠂ ᠨᠠᠷᠢᠯᠢᠭ ᠤᠨᠤᠪᠴᠢᠳᠠᠢ ᠪᠠᠷ ᠡᠷᠦᠬᠡ ᠳᠤ ᠬᠦᠷᠦᠬᠦᠯᠵᠦ ᠶᠠᠳᠠᠭᠤᠷᠠᠯ ᠤᠨ ᠦᠨᠳᠦᠰᠦ ᠶᠢ ᠨᠢ ᠦᠭᠲᠡᠭᠡᠬᠦ ᠬᠡᠷᠡᠭᠲᠡᠶ᠃ ᠹᠧᠩᠵᠧᠨ ᠬᠤᠲᠠ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠬᠢᠭᠡᠳ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠪᠦᠲᠦᠮᠵᠢᠲᠡᠶ ᠵᠣᠯᠭᠠᠭᠤᠯᠬᠤ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠪᠠᠲᠤᠯᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠳᠤ ᠬᠦᠷᠦᠭᠡᠳᠦᠶ ᠳᠤᠨᠢ ᠪᠡᠯᠡᠨ ᠵᠣᠭᠤᠰ ᠢᠶᠠᠷ ᠰᠢᠭᠤᠳ ᠨᠥᠬᠦᠪᠥᠷᠢ ᠦᠭᠭᠦᠨ᠎ᠡ᠃ ᠣᠳᠣᠬᠠᠨ ᠳᠤ᠂ ᠪᠦᠬᠦ ᠬᠤᠲᠠ ᠶᠢᠨ ᠶᠠᠳᠠᠭᠤ ᠶᠢ ᠲᠡᠳᠬᠦᠬᠦ ᠡᠲᠡᠭᠡᠳ ᠨᠡᠶᠢᠲᠡ 4242 ᠡᠷᠦᠬᠡ ᠶᠢᠨ 7678 ᠬᠥᠮᠦᠨ ᠪᠠᠶᠢᠵᠤ᠂ ᠡᠭᠦᠨ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ 4150 ᠡᠷᠦᠬᠡ ᠶᠢᠨ 7523 ᠬᠥᠮᠦᠨ ᠪᠠᠶᠢᠵᠤ᠂ ᠪᠡᠯᠡᠨ ᠵᠣᠭᠤᠰ ᠤᠨ ᠰᠢᠭᠤᠳ ᠨᠥᠬᠦᠪᠥᠷᠢ ᠣᠯᠭᠤᠬᠤ ᠡᠲᠡᠭᠡᠳ 92 ᠡᠷᠦᠬᠡ ᠶᠢᠨ155 ᠬᠥᠮᠦᠨ ᠪᠠᠶᠢᠵᠤ᠂ ᠨᠡᠶᠢᠲᠡ 2290.5 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ᠃ ᠶᠠᠳᠠᠭᠤ ᠬᠦᠴᠢᠷᠳᠡᠯᠲᠡᠶ ᠭᠡᠷ ᠪᠦᠯᠢ ᠶᠢᠨ ᠨᠠᠰᠤᠲᠠᠶᠢᠴᠤᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠨᠡᠶᠢᠲᠡ 1890 ᠶᠠᠳᠠᠭᠤ ᠬᠦᠴᠢᠷᠳᠡᠯᠲᠡᠶ ᠬᠥᠮᠦᠨ ᠠᠮᠠ ᠳᠤ ᠨᠠᠰᠤᠵᠢᠯ ᠤᠨ ᠠᠰᠠᠷᠠᠮᠵᠢ ᠶᠢᠨ ᠮᠥᠩᠭᠦ ᠬᠦᠮᠦᠨ ᠪᠦᠷᠢ ᠳᠤ 100 ᠲᠥᠭᠦᠷᠢᠭ ᠲᠤᠰᠢᠶᠠᠨ᠎ᠠ᠃ ︽ᠹᠧᠩᠵᠧᠨ ᠬᠤᠲᠠ ᠶᠢᠨ 2018 ᠤᠨ ᠤ ᠡᠮ ᠡᠮᠨᠡᠯᠭᠡ ᠶᠢᠨ ᠡᠷᠡᠭᠦᠯ ᠮᠡᠨᠳᠦ ᠶᠢᠨ ᠤᠨᠢᠨ ᠲᠡᠭᠡᠷ᠎ᠡ ᠨᠢ ᠶᠠᠳᠠᠭᠤ  ᠶᠢ ᠲᠡᠳᠬᠦᠬᠦ ᠠᠵᠢᠯ ᠤᠨ ᠬᠡᠷᠡᠭᠵᠢᠭᠦᠯᠬᠦ ᠲᠥᠰᠦᠯ︾ ᠢ ᠰᠤᠳᠤᠯᠤᠨ ᠨᠡᠶᠢᠲᠡᠯᠡᠵᠦ᠂ ᠲᠠᠩᠰᠠᠯᠠᠬᠰᠠᠨ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠣᠲᠣᠷᠠᠬᠢ ᠥᠩᠭᠡᠷᠡᠭᠰᠡᠨ ᠲᠡᠤᠬᠡ᠂ ᠤᠳᠤᠮᠰᠢᠯ ᠤᠨ ᠲᠡᠤᠬᠡ ᠵᠡᠷᠭᠡ ᠭᠤᠤᠯᠳᠠᠯᠭ᠎ᠠ ᠲᠠᠢ ᠬᠥᠮᠦᠰ ᠲᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠰᠦᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠨᠢᠭᠡ ᠪᠦᠯᠦᠭ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠦᠨ᠎ᠡ᠃ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠦᠨᠳᠦ ᠡᠪᠡᠳᠴᠢᠨ ᠠᠴᠠ ᠪᠣᠯᠵᠤ ᠶᠠᠳᠠᠭᠤᠷᠠᠬᠤ᠂ ᠳᠠᠬᠢᠨ ᠶᠠᠳᠠᠭᠤᠷᠠᠬᠤ ᠠᠰᠠᠭᠤᠳᠠᠯ ᠢ ᠤᠯᠠᠮ ᠨᠢᠭᠡ ᠠᠯᠬᠤᠮ ᠪᠠᠭᠤᠷᠠᠭᠤᠯᠵᠤ᠂ ︽ᠡᠪᠡᠳᠴᠢᠨ ᠤ ᠦᠨᠳᠦᠰᠦ︾ ᠶᠢ ᠬᠠᠶᠢᠴᠢᠯᠠᠬᠤ ᠪᠠᠷ ᠳᠠᠮᠵᠢᠨ ︽ᠶᠠᠳᠠᠭᠤ ᠶᠢᠨ ᠦᠨᠳᠦᠰᠦ︾ ᠶᠢ ᠦᠭᠲᠡᠭᠡᠵᠦ ᠬᠠᠶᠠᠨ᠎ᠠ᠃ ᠣᠳᠣᠬᠠᠨ ᠳᠤ᠂ ᠹᠧᠩᠵᠧᠨ ᠬᠤᠲᠠ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠳᠠᠭᠠᠨ ᠴᠢᠨᠠᠷᠲᠠᠶ ᠡᠪᠡᠳᠴᠢᠨ᠂ ᠶᠡᠭᠡ ᠡᠪᠡᠳᠴᠢᠨ᠂ ᠬᠦᠨᠳᠦ ᠡᠪᠡᠳᠴᠢᠨ ᠤ ᠳᠠᠩᠰᠠ ᠲᠠᠶᠢᠯᠬᠤ ᠬᠠᠷᠢᠴᠠᠯ ᠢ 90% ᠠᠴᠠ ᠳᠡᠭᠡᠭᠰᠢ ᠳᠤ ᠬᠦᠷᠦᠭᠦᠯᠵᠦ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠨᠣᠷᠮ᠎ᠠ ᠪᠠ ᠤᠳᠠᠭᠠᠨ ᠴᠢᠨᠠᠷᠲᠠᠶ ᠡᠪᠡᠳᠴᠢᠨ ᠳᠤ ᠡᠮ ᠬᠦᠷᠭᠡᠬᠦ ᠨᠣᠷᠮ᠎ᠠ ᠶᠢ ᠴᠥᠮ 100% ᠳᠤ ᠬᠦᠷᠦᠭᠦᠯᠦᠨ᠎ᠡ᠃ ᠶᠠᠳᠠᠭᠤ ᠬᠦᠴᠢᠷᠳᠡᠯᠲᠡᠶ ᠰᠤᠷᠤᠭᠴᠢᠳ ᠢ ᠲᠤᠰᠠᠯᠠᠬᠤ ᠰᠢᠰᠲ᠋ᠧᠮ ᠢ ᠪᠦᠷᠢᠨ ᠪᠣᠯᠭᠠᠨ ᠲᠡᠭᠦᠯᠳᠡᠷᠵᠢᠭᠦᠯᠵᠦ᠂ 2018 ᠣᠨ ᠤ ᠳᠡᠭᠡᠷ᠎ᠡ ᠬᠠᠭᠠᠰ ᠵᠢᠯ ᠳᠤ ᠰᠤᠷᠭᠠᠭᠤᠯᠢ ᠳᠤ ᠪᠠᠶᠢᠭ᠎ᠠ ᠶᠠᠳᠠᠭᠤ ᠬᠦᠴᠢᠷᠳᠡᠯᠲᠡᠶ ᠰᠤᠷᠤᠭᠴᠢ 1051 ᠬᠦᠮᠦᠨ ᠢ ᠵᠣᠭᠤᠰ ᠮᠥᠩᠭᠦ ᠪᠠᠷ ᠲᠤᠰᠠᠯᠠᠵᠤ᠂ ᠳᠣᠤᠷ᠎ᠠ ᠬᠠᠭᠠᠰ ᠵᠢᠯ ᠳᠤ ᠰᠤᠷᠭᠠᠭᠤᠯᠢ ᠳᠤ ᠪᠠᠶᠢᠭ᠎ᠠ ᠡᠯ᠎ᠡ ᠲᠦᠷᠦᠯ ᠤᠨ ᠶᠠᠳᠠᠭᠤ ᠬᠦᠴᠢᠷᠳᠡᠯᠲᠡᠶ ᠰᠤᠷᠤᠭᠴᠢ 945 ᠬᠥᠮᠦᠨ ᠢ ᠵᠣᠭᠤᠰ ᠮᠥᠩᠭᠦ ᠪᠠᠷ ᠲᠤᠰᠠᠯᠠᠪᠠ᠃ ᠶᠠᠳᠠᠭᠤ ᠬᠦᠴᠢᠷᠳᠡᠯᠲᠡᠶ ᠪᠠᠶᠢᠭ᠎ᠠ ᠡᠷᠦᠬᠡ ᠶᠢᠨ ᠤᠶᠤᠲᠠᠳ ᠲᠤ 3000 ᠲᠥᠭᠦᠷᠢᠭ ᠦᠭᠴᠦ᠂ 563 ᠣᠶᠤᠲᠠᠨ ᠢ ᠲᠤᠰᠠᠯᠠᠪᠠ᠃ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠵᠦ᠂ ᠠᠵᠢᠯ ᠣᠯᠭᠤᠬᠤ ᠪᠣᠯᠪᠠᠰᠤᠷᠠᠯ ᠢᠶᠠᠷ ᠳᠠᠮᠵᠢᠨ᠂ 1056 ᠶᠠᠳᠠᠭᠤ ᠬᠦᠴᠢᠷᠳᠡᠯᠲᠡᠶ ᠬᠥᠮᠦᠨ ᠠᠮᠠ ᠬᠢᠭᠡᠳ ᠠᠵᠢᠯᠴᠢᠨ ᠬᠡᠷᠡᠭᠯᠡᠬᠦ ᠠᠵᠤ ᠠᠬᠤᠶᠢᠯᠠᠯ ᠬᠥᠳᠡᠯᠮᠦᠷᠢ ᠦᠢᠯᠡᠴᠢᠯᠡᠭᠡᠨ ᠤ ᠭᠡᠷ᠎ᠡ ᠲᠣᠭᠲᠠᠵᠤ᠂ ᠰᠠᠷ᠎ᠠ ᠶᠢᠨ ᠴᠠᠯᠢᠩ ᠨᠢ 2000 ᠲᠥᠭᠦᠷᠢᠭ ᠠᠴᠠ ᠳᠡᠭᠡᠭᠰᠢ ᠪᠣᠯᠪᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠤᠶᠢᠷ᠎ᠠ ᠶᠢᠨ ᠵᠢᠯ ᠤᠨ ᠲᠤᠷᠰᠢ᠂ 17635.2 ᠲᠦᠮᠡᠨ ᠲᠥᠭᠦᠷᠢᠭ ᠤᠨ ᠪᠡᠯᠡ ᠣᠷᠣᠭᠤᠯᠵᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 10865 ᠡᠷᠦᠬᠡ ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ ᠡᠭᠦᠨ ᠤ ᠬᠠᠮᠲᠤ ᠬᠦᠷᠢᠶ᠎ᠡ ᠬᠠᠰᠢᠶ᠎ᠠ ᠪᠠ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠢᠨᠵᠧᠨᠧᠷᠢᠩ ᠢ ᠵᠡᠷᠭᠡᠪᠡᠷ ᠬᠡᠷᠡᠭᠵᠢᠭᠦᠯᠦᠨ᠎ᠡ︔ 42849 ᠲᠦᠮᠡᠨ ᠲᠥᠭᠦᠷᠢᠭ ᠤᠨ ᠪᠡᠯᠡ ᠣᠷᠣᠭᠤᠯᠵᠤ᠂ 952.2 ᠺᠢᠯᠤᠮᠧᠲ᠋ᠧᠷ ᠵᠠᠮ ᠢ ᠬᠠᠲᠠᠭᠤᠷᠠᠭᠤᠯᠪᠠ︔ 2520 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ 128 ᠠᠶᠢᠯ ᠲᠣᠰᠬᠤᠨ ᠤ ᠣᠯᠠᠨ ᠲᠦᠮᠡᠨ ᠤ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ︔ 722.9 ᠲᠦᠮᠡᠨ ᠲᠥᠭᠦᠷᠢᠭ ᠤᠨ ᠪᠡᠯᠡ ᠣᠷᠣᠭᠤᠯᠵᠤ᠂ 83 ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ ᠪᠠᠶᠢᠭᠤᠯᠪᠠ︔ 441.5 ᠲᠦᠮᠡᠨ ᠲᠥᠭᠦᠷᠢᠭ ᠤᠨ ᠪᠡᠯᠡ ᠣᠷᠣᠭᠤᠯᠵᠤ᠂ 91 ᠰᠣᠶᠣᠯ ᠤᠨ ᠠᠵᠢᠯᠯᠠᠭᠠᠨ ᠤ ᠲᠠᠰᠤᠭ ᠪᠠᠢᠭᠤᠯᠪᠠ︔ 90.7 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠷᠠᠳ ᠲᠤ ᠳᠥᠭᠦᠮ ᠦᠵᠡᠭᠦᠯᠬᠦ ᠬᠡᠯᠬᠢᠶ᠎ᠡ ᠬᠡᠲᠦ ᠳᠡᠯᠭᠡᠭᠦᠷ ᠢ 138 ᠪᠠᠶᠢᠭᠤᠯᠪᠠ︔ 394.4 ᠲᠦᠮᠡᠨ ᠲᠥᠭᠦᠷᠢᠭ ᠤᠨ ᠪᠡᠯᠡ ᠣᠷᠣᠭᠤᠯᠵᠤ᠂ 3 ᠰᠠᠭᠤᠷᠢ ᠰᠤᠷᠭᠠᠭᠤᠯᠢ ᠶᠢ ᠥᠭᠡᠷᠡᠴᠢᠯᠡᠪᠡ︔ 400 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ︽ᠡᠷᠦᠬᠡ ᠪᠣᠯᠭᠠᠨ ᠳᠤ ᠨᠡᠪᠲᠡᠷᠡᠭᠦᠯᠬᠦ︾ 16000 ᠢᠵᠢ ᠶᠢ ᠤᠭᠰᠠᠷᠠᠪᠠ︔ 9394 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠠᠴᠠᠭ᠎ᠠ ᠪᠣᠯᠭᠠᠨ ᠳᠤ ᠴᠠᠬᠢᠯᠭᠠᠨ ᠨᠡᠪᠲᠡᠷᠡᠭᠦᠯᠬᠦ ᠪᠠ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠪᠡ᠃    ᠭᠤᠷᠪᠠ᠂ ︽ᠬᠠᠪᠰᠤᠷᠤᠨ ᠲᠡᠳᠬᠦᠬᠦ ᠰᠢᠲᠠᠷ᠎ᠠ︾ ᠶᠢ ᠰᠠᠶᠢᠲᠤᠷ ᠲᠠᠯᠪᠢᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠤᠨ᠎ᠠ᠃ ︽1+1︾ ︽N+1︾ ᠬᠤᠤᠰᠯᠠᠯ ᠪᠣᠯᠵᠤ ᠬᠠᠪᠰᠤᠷᠤᠨ ᠲᠡᠳᠬᠦᠬᠦ ᠲᠣᠭᠲᠠᠴᠠ ᠶᠢ ᠲᠣᠭᠲᠠᠭᠠᠵᠤ᠂ ︽4+1︾ ᠲᠣᠰᠬᠤᠨ ᠳᠤ ᠰᠠᠭᠤᠵᠤ ᠲᠣᠰᠬᠤᠨ ᠲᠠᠢ ᠬᠤᠯᠪᠣᠭᠠᠯᠠᠬᠤ ᠠᠵᠢᠯ ᠤᠨ ᠲᠣᠭᠲᠠᠴᠠ ᠪᠠ ︽N+1︾ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠲᠣᠭᠲᠠᠴᠠ ᠶᠢ ᠲᠤᠭᠳᠠᠭᠠᠪᠠ᠃ ᠪᠥᠬᠦ ᠬᠤᠲᠠ ᠶᠢᠨ ᠶᠠᠳᠠᠭᠤ ᠬᠦᠴᠢᠷᠳᠡᠯᠲᠡᠶ ᠲᠣᠰᠬᠤᠨ ᠢᠶᠠᠷ ᠶᠠᠪᠤᠵᠤ᠂ ᠲᠣᠰᠬᠤᠨ ᠤ ᠪᠠᠶᠢᠳᠠᠯ ᠢ ᠲᠣᠳᠣᠷᠬᠠᠶ ᠤᠶᠢᠯᠠᠭᠠᠵᠤ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠦᠨ᠎ᠡ᠃ ︽ᠨᠢᠭᠡ ᠳᠤ ᠨᠢᠭᠡ︾ ︽ᠣᠯᠠᠨ ᠲᠠᠯ᠎ᠠ ᠳᠤ ᠨᠢᠭᠡ ᠶᠢ ᠲᠡᠳᠬᠦᠬᠦ︾ ᠬᠠᠪᠰᠤᠷᠤᠨ ᠲᠡᠳᠬᠦᠬᠦ ᠵᠠᠭᠪᠤᠷ ᠢ ᠪᠠᠶᠢᠭᠤᠯᠵᠤ᠂ ᠨᠢᠭᠡᠳᠦᠭᠡᠷ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢ ᠬᠤᠲᠠ ᠰᠢᠶᠠᠩ ᠤᠨ ᠪᠠᠶᠢᠭᠤᠯᠤᠯ ᠤᠨ ᠳᠣᠲᠣᠷᠠᠬᠢ ᠺᠠᠳ᠋ᠷ ᠪᠣᠯᠭᠠᠨ ᠲᠣᠬᠢᠷᠠᠭᠤᠯᠵᠤ᠂ ᠴᠢᠨᠡᠭᠡᠯᠢᠭ ᠨᠡᠶᠢᠭᠡᠮ ᠳᠤ ᠣᠷᠣᠬᠤ ︽ᠵᠠᠮ ᠱᠤᠭᠤᠮ ᠤᠨ ᠵᠢᠷᠤᠭ︾ ᠢ ᠢᠳᠡᠪᠬᠢᠲᠡᠢ ᠲᠦᠯᠦᠪᠯᠡᠵᠦ᠂ ᠭᠤᠷᠪᠠᠨ ᠱᠠᠲᠤᠨ ᠤ ︽ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠠᠵᠢᠯ ᠬᠢᠵᠦ ᠴᠢᠳᠠᠬᠤ᠂ ᠠᠵᠢᠯ ᠪᠦᠳᠦᠭᠡᠬᠦ︾ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠠᠩᠭᠢ ᠶᠢ ᠪᠦᠷᠢᠯᠳᠦᠭᠦᠯᠦᠨ᠎ᠡ᠃ ᠹᠧᠩᠵᠧᠨ ᠬᠤᠲᠠ ᠪᠠᠰᠠ ᠪᠠᠶᠢᠭᠤᠯᠭ᠎ᠠ ᠨᠢᠭᠡᠴᠡ ᠶᠢᠨ ᠲᠣᠰᠬᠤᠨ ᠲᠠᠢ ᠬᠤᠯᠪᠣᠭᠠᠯᠠᠬᠤ᠂ ᠠᠵᠢᠯᠯᠠᠬᠤ ᠠᠩᠭᠢ ᠶᠢᠨ ᠲᠤᠰᠬᠤᠨ ᠳᠤ ᠰᠠᠭᠤᠬᠤ᠂ ᠰᠢᠶᠠᠩ ᠪᠠᠯᠭᠠᠰᠤᠨ ᠤ ᠺᠠᠳ᠋ᠷ ᠲᠣᠰᠬᠤᠨ ᠤ ᠺᠠᠳ᠋ᠷ ᠲᠣᠰᠬᠤᠨ ᠢ ᠳᠠᠭᠠᠭᠠᠴᠢᠯᠠᠬᠤ ︽1+4︾ ᠲᠣᠰᠬᠤᠨ ᠳᠤ ᠰᠠᠭᠤᠬᠤ ᠠᠵᠢᠯᠯᠠᠬᠤ ᠠᠩᠭᠢ ᠪᠠᠶᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠰᠠᠭᠤᠷᠢ ᠲᠥᠬᠦᠭᠡᠷᠦᠮᠵᠢ ᠪᠠᠷ ᠶᠠᠳᠠᠭᠤ ᠶᠢ ᠲᠡᠳᠬᠦᠬᠦ ᠵᠡᠷᠭᠡ ᠣᠨᠢᠨ ᠳᠡᠭᠡᠷ᠎ᠡ ᠨᠢ ᠲᠡᠳᠭᠦᠭᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ ᠶᠢᠨ ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠲᠣᠭᠲᠠᠭᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠠᠴᠠ ᠠᠩᠭᠢᠵᠢᠷᠠᠭᠤᠯᠬᠤ ᠢᠲᠡᠭᠡᠯ ᠵᠣᠷᠢᠭ ᠢ ᠳᠡᠭᠡᠭᠰᠢᠯᠡᠭᠦᠯᠦᠨ᠂ ᠶᠠᠳᠠᠭᠤ ᠶᠢ ᠲᠡᠳᠬᠦᠬᠦ ᠪᠦᠬᠦᠯᠢ ᠴᠣᠭᠴᠠ ᠶᠢᠨ ᠦᠷ᠎ᠡ ᠠᠰᠢᠭ ᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠮᠤᠵᠢ ᠶᠢᠨ ᠱᠠᠲᠤᠨ ᠤ ᠤᠳᠤᠷᠢᠳᠤᠯᠭ᠎ᠠ ᠬᠠᠷᠢᠯᠴᠠᠬᠤ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ ᠱᠠᠲᠤᠨ ᠤ  ᠨᠢᠭᠡᠴᠡ ᠪᠣᠯᠤᠨ ᠬᠤᠲᠠ ᠶᠢᠨ ᠰᠢᠭᠤᠳ ᠬᠠᠷᠢᠶ᠎ᠠ ᠨᠢᠭᠡᠴᠡ ᠶᠢᠨ ᠬᠠᠪᠰᠤᠷᠤᠨ ᠲᠡᠳᠬᠦᠬᠦ ᠪᠠᠷ ᠠᠵᠠ ᠲᠣᠬᠢᠶᠠᠯ ᠪᠣᠯᠭᠠᠵᠤ᠂ ᠲᠥᠷᠥᠯ ᠵᠦᠢᠯ ᠤᠨ ᠪᠠᠯᠠ ᠮᠥᠩᠭᠦ ᠶᠢ ᠢᠳᠡᠪᠬᠢᠲᠡᠢ ᠲᠡᠮᠡᠴᠡᠨ ᠣᠯᠵᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ  ᠶᠢ ᠠᠬᠢᠭᠤᠯᠤᠨ᠎ᠠ᠃ ᠨᠢᠳᠤᠨᠤᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ 7 ᠲᠢᠩᠬᠢᠮ ᠲᠣᠪᠴᠢᠶ᠎ᠠ ᠶᠢᠨ ᠨᠢᠭᠡᠴᠡ᠂ ᠤᠯᠠᠭᠠᠨᠴᠠᠪ ᠤᠨ 11 ᠬᠤᠲᠠ ᠶᠢᠨ ᠰᠢᠭᠤᠳ ᠬᠠᠷᠢᠶ᠎ᠠ ᠨᠢᠭᠡᠴᠡ ᠂ ᠹᠧᠩᠵᠧᠨ ᠬᠤᠲᠠ ᠶᠢᠨ 90 ᠬᠤᠲᠠ ᠶᠢᠨ ᠰᠢᠭᠤᠳ ᠬᠠᠷᠢᠶ᠎ᠠ ᠨᠢᠭᠡᠴᠡ ᠨᠡᠶᠢᠲᠡ 800 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠣᠷᠣᠭᠤᠯᠪᠠ᠃ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ ᠠᠵᠢᠯᠯᠠᠭ᠎ᠠ︾ ᠶᠢ ᠵᠡᠷᠭᠡᠪᠡᠷ ᠡᠬᠢᠯᠡᠭᠦᠯᠵᠦ᠂ 40  ᠭᠠᠷᠤᠢ ᠠᠵᠤ ᠠᠬᠤᠶᠢᠯᠠᠯ 260 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠣᠷᠣᠭᠤᠯᠪᠠ᠃    ᠲᠦᠷᠪᠡ᠂ ᠨᠢᠭᠡ ᠢᠵᠢ ︽ᠪᠣᠯᠪᠠᠰᠤᠷᠠᠭᠤᠯᠤᠯ ᠤᠨ ᠬᠢᠴᠢᠶᠡᠯ︾ ᠢ ᠰᠠᠶᠢᠲᠤᠷ ᠣᠷᠣᠭᠤᠯᠵᠤ᠂ ᠰᠢᠮᠳᠠᠭᠤᠯᠤᠨ   ᠵᠢᠯᠤᠭᠤᠳᠴᠦ ᠬᠠᠷᠢᠭᠤᠴᠠᠯᠭ᠎ᠠ ᠬᠡᠯᠡᠯᠴᠡᠬᠦ ᠰᠡᠯᠡᠮ᠎ᠡ ᠶᠢ ᠪᠤᠢ ᠪᠣᠯᠭᠠᠬᠤ ᠬᠡᠷᠡᠭᠲᠡᠶ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ᠂ ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠶᠢ ᠪᠠᠳᠤᠯᠠᠬᠤ  ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ 8 ᠰᠢᠶᠠᠩ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ 1 ᠬᠡᠷᠡᠭ ᠡᠷᠬᠢᠯᠡᠬᠦ ᠭᠠᠵᠠᠷ ᠲᠤ ᠶᠠᠳᠠᠭᠤ ᠠᠴᠠ ᠠᠩᠬᠢᠵᠢᠷᠠᠭᠤᠯᠬᠤ ᠡᠭᠦᠷᠭᠡ ᠲᠠᠢ 757 ᠠᠶᠢᠯ ᠲᠣᠰᠬᠤᠨ ᠳᠤ ᠭᠦᠨᠵᠡᠭᠡᠶᠢᠷᠡᠨ ᠪᠣᠯᠪᠠᠰᠤᠷᠠᠯ ᠬᠢᠵᠦ ᠵᠢᠭᠠᠨ ᠵᠢᠯᠣᠭᠤᠳᠪᠠ︔ ᠬᠤᠲᠠ᠂ ᠰᠢᠶᠠᠩ᠂ ᠲᠣᠰᠬᠤᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠢᠨᠠᠨ ᠵᠢᠯᠣᠭᠤᠳᠬᠤ ᠳᠤᠭᠤᠶᠢᠯᠠᠩ᠂ ᠳᠠᠭᠠᠭᠠᠨ ᠲᠡᠳᠬᠦᠬᠦ ᠬᠠᠷᠢᠭᠤᠴᠠᠯᠭᠠᠲᠠᠨ ᠳᠤ ᠱᠠᠲᠤ ᠬᠤᠪᠢᠶᠠᠨ ᠪᠣᠯᠪᠠᠰᠤᠷᠠᠯ ᠬᠢᠵᠦ᠂ ᠨᠢᠭᠤᠷᠲᠠᠨ ᠰᠢᠪᠠᠳᠠᠵᠤ᠂ ᠪᠡᠶ᠎ᠡ ᠪᠠᠷ ᠢᠶᠠᠨ ᠵᠢᠯᠣᠭᠤᠳᠴᠤ᠂ ᠢᠯᠠᠩᠭᠤᠶ᠎ᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠭᠰᠠᠨ ᠤ ᠳᠠᠷᠠᠭ᠎ᠠ ᠲᠣᠰᠬᠤᠨ ᠤ ᠺᠠᠳ᠋ᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠥ ᠶᠢᠨ ᠪᠣᠳᠣᠯᠭ᠎ᠠ ᠶᠢ ᠰᠠᠶᠢᠨ ᠮᠡᠳᠡᠬᠦ ᠦᠭᠡᠢ᠂ ᠠᠵᠢᠯ ᠢᠶᠠᠨ ᠬᠢᠵᠦ ᠴᠢᠳᠠᠬᠤ ᠦᠭᠡᠢ᠂ ᠦᠷ᠎ᠡ ᠪᠦᠲᠦᠮᠵᠢ ᠨᠢ ᠢᠯᠡᠷᠬᠡᠶ ᠪᠢᠰᠢ ᠪᠣᠳᠠᠲᠤ  ᠪᠠᠶᠢᠳᠠᠯ ᠳᠤ ᠴᠢᠭᠯᠡᠭᠦᠯᠦᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠵᠤ ᠦᠢᠯᠡᠰ ᠢ ᠬᠥᠭᠵᠢᠭᠦᠯᠬᠦ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠵᠡᠷᠭᠡ ᠠᠭᠤᠯᠭ᠎ᠠ ᠲᠠᠢ ᠤᠶᠠᠯᠳᠤᠭᠤᠯᠤᠨ᠂ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ ᠡᠷᠬᠢᠯᠡᠨ ᠲᠤᠰᠬᠠᠶ ᠪᠣᠯᠪᠠᠰᠤᠷᠠᠯ ᠬᠢᠵᠦ᠂ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠺᠠᠳ᠋ᠷ ᠢ ᠠᠯᠢ ᠲᠦᠷᠭᠡᠨ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠨ ᠡᠵᠡᠮᠰᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠦᠨᠳᠦ ᠡᠭᠦᠷᠭᠡ ᠶᠢ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠡᠯᠡᠳᠬᠡᠯ ᠬᠦᠴᠦᠨ ᠤ ᠦᠢᠯᠡᠳᠦᠯ ᠢ ᠪᠠᠳᠠᠷᠠᠭᠤᠯᠤᠨ᠎ᠠ᠃ ︽ᠱᠠᠯᠠᠪᠳᠠᠭᠤᠯᠤᠨ ᠪᠠᠶᠢᠴᠠᠭᠠᠬᠤ︾ ᠶᠢ ᠠᠳᠬᠤᠵᠤ᠂ ᠺᠠᠳ᠋ᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽2+9︾ ᠲᠣᠣᠷᠯᠢᠭ ᠬᠡᠯᠪᠡᠷᠢ ᠶᠢᠨ ᠱᠠᠯᠠᠪᠳᠠᠭᠤᠯᠤᠨ ᠪᠠᠶᠢᠴᠠᠭᠠᠬᠤ ᠵᠠᠭᠪᠤᠷ ᠢ ᠪᠠᠶᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠲᠠ ᠶᠢᠨ ᠳᠠᠷᠤᠭ᠎ᠠ ᠵᠡᠭᠦᠨ ᠪᠠ ᠪᠠᠷᠠᠭᠤᠨ ᠬᠤᠶᠠᠷ ᠬᠡᠰᠡᠭ ᠬᠤᠪᠢᠶᠠᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠨ᠎ᠠ︔ ᠥᠪᠡᠷᠲᠡᠭᠡᠨ ᠵᠠᠰᠠᠬᠤ ᠣᠷᠣᠨ ᠤ ᠠᠵᠢᠯ ᠤᠨ ᠶᠡᠷᠦᠩᠬᠡᠶ ᠠᠩᠭᠢ᠂ ᠤᠯᠠᠭᠠᠨᠴᠠᠪ ᠤᠨ ᠰᠢᠮᠳᠠᠭᠤᠯᠤᠨ ᠵᠢᠯᠣᠭᠤᠳᠬᠤ ᠲᠤᠭᠤᠶᠢᠯᠠᠩ᠂ ᠬᠤᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ 8 ᠰᠢᠶᠠᠩ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ 1 ᠬᠡᠷᠡᠭ ᠡᠷᠬᠢᠯᠡᠬᠦ ᠭᠠᠵᠠᠷ ᠲᠤ ᠡᠷᠭᠢᠯᠳᠦᠬᠦ ᠮᠠᠶ᠋ᠢᠭ ᠤᠨ᠂ ᠲᠣᠤᠷ ᠲᠠᠲᠠᠬᠤ ᠮᠠᠶ᠋ᠢᠭ ᠤᠨ ᠪᠠᠶᠢᠴᠠᠭᠠᠯᠳᠠ ᠥᠷᠨᠢᠭᠦᠯᠪᠡ᠃ ︽ᠬᠤᠶᠠᠳᠠᠬᠢ ᠤᠳᠠᠭᠠᠨ ᠤ ᠨᠠᠷᠢᠯᠢᠭ ᠤᠨᠤᠪᠴᠢᠳᠠᠢ ᠪᠠᠷ ᠢᠯᠭᠠᠨ ᠲᠠᠨᠢᠬᠤ︾ ᠶᠢ ᠬᠡᠷᠡᠭᠵᠢᠭᠦᠯᠵᠦ᠂ ︽ᠲᠣᠣᠷ ᠲᠠᠲᠠᠬᠤ ᠬᠡᠯᠪᠡᠷᠢ ᠪᠠᠷ ᠪᠦᠬᠦᠨ ᠢ ᠪᠦᠷᠬᠦᠭᠦᠯᠬᠦ︾ ᠪᠠᠶᠢᠳᠠᠯ ᠢ ᠣᠶᠢᠯᠭᠠᠨ ᠬᠢᠨᠠᠨ ᠪᠠᠶᠢᠴᠠᠭᠠᠬᠤ ᠠᠵᠢᠯᠯᠠᠭ᠎ᠠ ᠬᠢᠵᠦ᠂ ᠶᠠᠳᠠᠭᠤ ᠶᠢ ᠲᠡᠳᠬᠦᠬᠦ ᠲᠤᠰᠬᠠᠢ ᠲᠥᠷᠥᠯ ᠤᠨ ᠪᠠᠶᠢᠴᠠᠭᠠᠯᠲᠠ ᠪᠠ ᠬᠥᠳᠡᠯᠦᠩᠭᠦᠢ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠲᠦᠮᠵᠢᠲᠡᠶ ᠠᠬᠢᠭᠤᠯᠤᠨ᠎ᠠ᠃    ᠳᠠᠷᠠᠭ᠎ᠠ ᠠᠯᠬᠤᠮ ᠤᠨ ᠠᠵᠢᠯ ᠤᠨ ᠳᠤᠮᠳᠠ᠂ ᠹᠧᠩᠵᠧᠨ ᠬᠤᠲᠠ ᠦᠷᠭᠦᠯᠵᠢᠯᠡᠨ ᠨᠠᠷᠢᠯᠢᠭ ᠤᠨᠤᠪᠴᠢᠳᠠᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢᠨ ᠲᠣᠭᠤᠷᠢᠨ ᠳᠤ ᠪᠣᠭᠤᠮᠲᠠ ᠰᠢᠪᠲᠤᠯᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠭᠦᠨ ᠶᠠᠳᠠᠭᠤ ᠠᠴᠠ ᠠᠩᠭᠢᠵᠢᠷᠠᠭᠤᠯᠬᠤ ᠶᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ᠂ 2020 ᠤᠨ ᠪᠣᠯᠬᠤ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ᠎ᠠ᠃    ᠰᠤᠷᠪᠤᠯᠵᠢᠯᠠᠭᠴᠢ᠄ ᠵᠠ᠂ ᠸᠠᠩ ᠬᠤᠲᠠ ᠶᠢᠨ ᠳᠠᠷᠤᠭ᠎ᠠ ᠪᠢᠳᠡᠨ ᠤ ᠰᠤᠷᠪᠤᠯᠵᠢᠯᠠᠭ᠎ᠠ ᠶᠢ ᠬᠦᠯᠢᠶᠡᠵᠦ ᠠᠪᠤᠭᠰᠠᠨ ᠳᠤ ᠲᠠᠯᠠᠷᠬᠠᠵᠤ ᠪᠠᠶᠢᠨ᠎ᠠ᠂ ᠠᠰᠠᠭᠤᠨ ᠯᠠᠪᠯᠠᠬᠤ ᠰᠦᠯᠵᠢᠶᠡᠨ ᠤ ᠠᠨᠳᠠ ᠨᠠᠷ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠢᠶᠠᠷ ᠦᠭᠡ ᠦᠯᠡᠳᠡᠭᠡᠵᠦ ᠪᠣᠯᠤᠨ᠎ᠠ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃ ᠰᠦᠯᠵᠢᠶᠡᠨ ᠠᠨᠳᠠ ᠨᠠᠷ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ︕                     ᠤᠷᠴᠢᠭᠤᠯᠤᠬᠴᠢ᠄  ᠬᠠᠨ ᠰᠢᠶᠤᠤ ᠿᠦᠩ                     ᠬᠢᠨᠠᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3