| ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠭᠡᠷ᠂ ᠲᠣᠪᠴᠢᠶ᠎ᠠ᠂ ᠲᠥᠪ᠂ ᠡᠯ᠎ᠡ ᠭᠠᠵᠠᠷ ᠲᠤ ᠰᠠᠭᠤᠭ᠎ᠠ ᠨᠢᠭᠡᠴᠡ᠂ ᠠᠵᠤ ᠠᠬᠤᠶᠢᠯᠠᠯ ᠳᠤ᠄ | ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹ 2019 ︺ 24 | ᠳ᠋ᠦ᠋ᠭᠡᠷ ᠲᠤᠭᠠᠳᠤ︶᠂ ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾᠂ ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠮᠠᠨ ᠤ ᠬᠤᠲᠠ ᠶᠢᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠵᠦ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ | ᠮᠡᠲᠦ ᠮᠡᠳᠡᠭᠳᠡᠶ᠎ᠡ᠃ | ᠨᠢᠭᠡ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ | ᠬᠡᠷᠡᠭᠲᠡᠢ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠳᠤ ᠰᠢᠨ᠎ᠡ ᠴᠠᠭ ᠦᠶ᠎ᠡ ᠳᠤ ᠤᠷᠤᠭᠰᠠᠨ ᠨᠢᠭᠡᠨ ᠴᠢᠬᠤᠯᠠ ᠶᠡᠭᠡ | ᠤᠯᠤᠰ ᠤᠨ ᠪᠠᠶᠢᠳᠠᠯ ᠤᠯᠤᠰ ᠤᠨ ᠬᠦᠴᠦᠨ᠂ ᠣᠷᠣᠨ ᠤ ᠪᠠᠶᠢᠳᠠᠯ ᠣᠷᠣᠨ ᠤ ᠬᠦᠴᠦᠨ᠂ ᠬᠤᠲᠠ ᠶᠢᠨ ᠪᠠᠶᠢᠳᠠᠯ | ᠬᠤᠲᠠ ᠶᠢᠨ ᠬᠦᠴᠦᠨ ᠤ ᠪᠠᠶᠢᠴᠠᠭᠠᠯᠳᠠ ᠪᠣᠯᠤᠨ᠎ᠠ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠠᠷ ᠳᠠᠮᠵᠢᠨ᠂ | ᠮᠠᠨ ᠤ ᠬᠤᠲᠠ ᠶᠢᠨ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢᠨ ᠣᠨᠴᠠᠯᠢᠭ ᠢ ᠲᠣᠳᠣᠷᠬᠠᠶ ᠤᠶᠢᠯᠠᠭᠠᠵᠤ᠂ | ᠮᠠᠨ ᠤ ᠬᠤᠲᠠ ᠶᠢᠨ ᠬᠥᠮᠦᠨ ᠠᠮᠠ ᠶᠢᠨ ᠲᠤᠭ᠎ᠠ ᠬᠡᠮᠵᠢᠶ᠎ᠡ᠂ ᠪᠦᠲᠦᠴᠡ᠂ ᠲᠠᠷᠬᠠᠯᠲᠠ᠂ ᠬᠤᠲᠠ ᠬᠥᠳᠡᠭᠡ ᠶᠢᠨ | ᠣᠷᠣᠨ ᠰᠠᠭᠤᠴᠠ ᠵᠡᠷᠭᠡ ᠲᠠᠯ᠎ᠠ ᠶᠢᠨ ᠪᠠᠶᠢᠳᠠᠯ ᠢ ᠪᠠᠶᠢᠴᠠᠭᠠᠨ ᠲᠣᠳᠣᠯᠠᠵᠤ ᠴᠢᠳᠠᠨ᠎ᠠ᠃ ᠬᠥᠮᠦᠨ ᠠᠮᠠ ᠶᠢᠨ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ᠂ ᠬᠥᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ᠂ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠵᠥᠪ ᠣᠨᠣᠪᠴᠢᠲᠠᠶ ᠮᠡᠳᠡᠭᠡ ᠵᠠᠩᠭᠢ ᠶᠢᠨ ᠳᠡᠮᠵᠢᠯᠭᠡ | ᠬᠠᠩᠭᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ | ᠮᠥᠴᠢᠷ ᠡᠨᠡ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠬᠤ ᠬᠡᠷᠡᠭᠲᠡᠶ᠃ ᠲᠡᠭᠡᠳᠤ ᠬᠡᠮᠵᠢᠶᠡᠨ ᠤ ᠬᠠᠷᠢᠭᠤᠴᠠᠬᠤ ᠣᠪᠣᠷ ᠢᠶᠠᠷ ᠮᠠᠨ ᠤ ᠬᠤᠲᠠ ᠶᠢᠨ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠨ᠎ᠡ᠃ | ᠬᠤᠶᠠᠷ᠂ ᠨᠡᠶᠢᠳᠡᠮ ᠪᠠᠶᠢᠴᠠᠭᠠᠯᠲᠠ ᠬᠢᠬᠦ ᠡᠲᠡᠭᠡᠳ᠂ ᠠᠭᠤᠯᠭ᠎ᠠ ᠪᠣᠯᠤᠨ ᠴᠠᠭ ᠬᠤᠭᠤᠴᠠᠭ᠎ᠠ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠲᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠢᠯᠢ ᠶᠢᠨ ᠳᠣᠲᠣᠷ᠎ᠠ ᠪᠠᠶᠢᠭ᠎ᠠ ᠪᠠᠶᠢᠭᠠᠯᠢ ᠬᠥᠮᠦᠨ ᠵᠢᠴᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠢᠯᠢ ᠶᠢᠨ ᠭᠠᠳᠠᠨ᠎ᠠ ᠪᠠᠶᠢᠪᠠᠴᠤ ᠰᠠᠭᠤᠷᠢᠰᠢᠭ᠎ᠠ ᠦᠭᠡᠶ ᠳᠤᠮᠳᠠᠳᠤ ᠤᠯᠤᠰ ᠤᠨ ᠠᠷᠠᠳ ᠢᠷᠭᠡᠨ ᠪᠣᠯᠤᠨ᠎ᠠ᠃ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠣᠬᠤᠷ ᠬᠤᠭᠤᠴᠠᠭ᠎ᠠ ᠪᠠᠷ ᠰᠠᠭᠠᠲᠠᠬᠤ | ᠬᠢᠯᠢ ᠶᠢᠨ ᠭᠠᠳᠠᠨᠠᠬᠢ ᠬᠥᠮᠦᠰ ᠢ ᠪᠠᠭᠲᠠᠭᠠᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠭᠤᠤᠯ ᠪᠣᠯᠬᠤ ᠬᠥᠮᠦᠨ ᠠᠮᠠ | ᠪᠣᠯᠤᠨ ᠰᠠᠭᠤᠭ᠎ᠠ ᠡᠷᠦᠬᠡ ᠶᠢᠨ ᠦᠨᠳᠦᠰᠦᠨ ᠪᠠᠶᠢᠳᠠᠯ ᠢ ᠪᠠᠶᠢᠴᠠᠭᠠᠨ᠎ᠠ᠂ ᠠᠭᠤᠯᠭ᠎ᠠ ᠳᠤ᠄ ᠣᠪᠣᠭ ᠨᠡᠷ᠎ᠡ᠂ ᠠᠷᠠᠳ | ᠢᠷᠭᠡᠳ ᠤᠨ ᠪᠡᠶ᠎ᠡ ᠶᠢᠨ ᠭᠠᠷᠤᠯ ᠤᠨ ᠨᠣᠮᠧᠷ᠂ ᠴᠢᠨᠠᠷ ᠤᠨ ᠢᠯᠭᠠᠯ᠂ ᠨᠠᠰᠤ᠂ ᠦᠨᠳᠦᠰᠦᠲᠡᠨ᠂ ᠰᠤᠷᠭᠠᠨ ᠬᠥᠮᠦᠵᠢᠯ | ᠬᠦᠷᠲᠡᠭᠰᠡᠨ ᠬᠡᠮᠵᠢᠶ᠎ᠡ᠂ ᠠᠵᠢᠯ ᠲᠥᠷᠥᠯ᠂ ᠡᠷᠬᠢᠯᠡᠭᠰᠡᠨ ᠠᠵᠢᠯ᠂ ᠨᠡᠭᠦᠲᠡᠯ ᠰᠢᠯᠵᠢᠯᠲᠡ᠂ ᠣᠷᠤᠭ ᠬᠤᠷᠢᠮ᠂ | ᠦᠬᠦᠭᠰᠡᠨ᠂ ᠣᠷᠣᠨ ᠰᠠᠭᠤᠴᠠ ᠶᠢᠨ ᠪᠠᠶᠢᠳᠠᠯ ᠵᠡᠷᠭᠡ ᠪᠠᠭᠲᠠᠨ᠎ᠠ᠃ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠨᠢ 2020 ᠤᠨ ᠤ 11 ᠳ᠋ᠦ᠋ᠭᠡᠷ ᠰᠠᠷ᠎ᠠ ᠶᠢᠨ 1 ᠤ ᠡᠳᠦᠷ ᠤᠨ | ᠲᠡᠭ ᠴᠠᠭ ᠪᠣᠯᠤᠨ᠎ᠠ᠃ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠬᠡᠪᠴᠢᠶ᠎ᠡ ᠥᠷᠭᠡᠨ | ᠂ ᠣᠷᠣᠯᠴᠠᠬᠤ ᠰᠠᠯᠠᠭ᠎ᠠ ᠮᠥᠴᠢᠷ ᠠᠷᠪᠢᠨ᠂ ᠮᠡᠷᠭᠡᠵᠢᠯ ᠤᠨ ᠱᠠᠭᠠᠷᠳᠠᠯᠭ᠎ᠠ ᠥᠨᠳᠥᠷ᠂ ᠠᠵᠢᠯ ᠤᠨ ᠬᠦᠴᠢᠷᠳᠡᠯ ᠶᠡᠭᠡ᠃ | ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠥᠴᠢᠷ ᠤᠳ ᠤᠯᠤᠰ | ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ | ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠬᠦ ᠬᠡᠷᠡᠭᠲᠡᠶ᠃ ᠹᠧᠩᠵᠧᠨ ᠬᠤᠲᠠ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ︵ᠳᠠᠭᠠᠯᠳᠤᠭᠤᠯᠤᠯ ᠳᠤ ᠦᠵᠡ︶ ᠪᠠᠶᠢᠭᠤᠯᠵᠤ᠂ ᠪᠦᠬᠦ | ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ | ᠠᠰᠠᠭᠤᠳᠠᠯ ᠤᠨ ᠰᠤᠳᠤᠯᠤᠯ ᠪᠠ ᠰᠢᠢᠳᠪᠤᠷᠢᠳᠦ ᠪᠣᠳᠣᠯᠭ᠎ᠠ ᠶᠢ ᠬᠠᠷᠢᠭᠤᠴᠠᠨ᠎ᠠ᠃ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠭᠡᠷ ᠭᠠᠷᠭᠠᠵᠤ᠂ ᠹᠧᠩᠵᠧᠨ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ ᠳᠤ ᠲᠤᠬᠢᠷᠠᠭᠤᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠶᠠᠪᠤᠭᠳᠠᠭᠤᠯᠬᠤ ᠶᠢ ᠪᠣᠳᠠᠲᠠᠶ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ 2020 ᠤᠨ ᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠢ ᠪᠠᠶᠢᠭᠤᠯᠵᠤ᠂ ᠲᠣᠰᠬᠤᠨ ᠤ ᠵᠥᠪᠯᠡᠯ᠂ ᠨᠡᠶᠢᠭᠡᠮ ᠲᠣᠭᠤᠷᠢᠭ | 2020 ᠤᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠳᠤᠭᠤᠶᠢᠯᠠᠩ ᠪᠠᠶᠢᠭᠤᠯᠵᠤ᠂ ᠨᠡᠶᠢᠭᠡᠮ ᠤᠨ ᠬᠦᠴᠦᠨ ᠢ ᠥᠷᠭᠡᠨ ᠢᠶᠠᠷ ᠬᠥᠲᠥᠯᠥᠨ ᠵᠢᠯᠣᠭᠤᠳᠴᠤ᠂ ᠳᠠᠶᠢᠴᠢᠯᠠᠬᠤ ᠪᠠ | ᠵᠣᠬᠢᠶᠠᠨ ᠪᠠᠶᠢᠭᠤᠯᠵᠤ ᠪᠠᠶᠢᠭᠠᠳ ᠲᠤᠰ ᠬᠠᠷᠢᠶ᠎ᠠ ᠣᠷᠣᠨ ᠤ ᠪᠠᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠳᠤ ᠢᠳᠡᠪᠬᠢᠲᠡᠶ ᠣᠷᠣᠯᠴᠠᠭᠤᠯᠬᠤ ᠶᠢᠨ ᠬᠠᠮᠲᠤ ᠬᠢᠨᠠᠮᠠᠭᠠᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ᠃ | ᠹᠧᠩᠵᠧᠨ ᠬᠤᠲᠠ ᠶᠢᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ | ᠲᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠣᠰ | ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠬᠦᠴᠦ ᠪᠠᠨ ᠬᠠᠮᠲᠤᠳᠬᠠᠨ ᠨᠢᠭᠲᠠ ᠬᠠᠮᠵᠢᠯᠴᠠᠵᠦ᠂ ᠨᠡᠶᠢᠳᠡᠮ | ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ | ᠨᠡᠶᠢᠳᠡᠮ ᠪᠠᠶᠢᠴᠠᠭᠠᠯᠲᠠ ᠶᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠬᠤᠲᠠ ᠶᠢᠨ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠵᠢᠴᠢ ᠰᠣᠨᠢᠨ ᠮᠡᠳᠡᠭᠡᠨ ᠤ | ᠵᠠᠭᠤᠴᠢᠯᠠᠭᠤᠷ ᠲᠠᠢ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠢᠨᠲ᠋ᠧᠷ ᠰᠦᠯᠵᠢᠶ᠎ᠡ ᠶᠢᠨ | ᠮᠡᠳᠡᠭᠡ ᠵᠠᠩᠭᠢ ᠶᠢᠨ ᠲᠥᠪ ᠨᠢ ᠨᠡᠶᠢᠳᠡᠮ ᠪᠠᠶᠢᠴᠠᠭᠠᠯᠲᠠ ᠶᠢᠨ ᠲᠣᠮᠣ ᠳ᠋ᠠᠶᠢᠲ᠋ᠠ ᠶᠢᠨ ᠬᠡᠷᠡᠭᠯᠡᠯᠲᠡ ᠪᠠ ᠢᠨᠲ᠋ᠧᠷ | ᠰᠦᠯᠵᠢᠶ᠎ᠡ ᠶᠢᠨ ᠤᠬᠠᠭᠤᠯᠭ᠎ᠠ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ᠃ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠨᠡᠶᠢᠳᠡᠮ ᠪᠠᠶᠢᠴᠠᠭᠠᠯᠲᠠ ᠶᠢᠨ ᠲᠥᠰᠦᠯ ᠢ ᠤᠯᠤᠰ ᠠᠷᠠᠳ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠤᠰᠬᠠᠶ | ᠲᠥᠯᠥᠪᠵᠢᠭᠦᠯᠭᠡ ᠲᠠᠢ ᠵᠣᠯᠭᠠᠭᠤᠯᠬᠤ ᠠᠵᠢᠯ ᠢ ᠬᠠᠷᠢᠭᠤᠴᠠᠨ᠎ᠠ᠃ ᠨᠡᠶᠢᠳᠡᠮ ᠪᠠᠶᠢᠴᠠᠭᠠᠯᠲᠠ ᠶᠢᠨ ᠲᠥᠬᠦᠭᠡᠷᠦᠮᠵᠢ ᠶᠢᠨ | ᠪᠡᠯᠡ ᠣᠷᠣᠭᠤᠯᠤᠯᠲᠠ ᠶᠢᠨ ᠪᠠᠲᠤᠯᠠᠭ᠎ᠠ ᠶᠢᠨ ᠲᠠᠯ᠎ᠠ ᠳᠤ ᠬᠤᠯᠪᠤᠭᠳᠠᠬᠤ ᠵᠦᠢᠯᠡᠰ ᠢ ᠬᠠᠷᠢᠭᠤᠴᠠᠨ᠎ᠠ᠃ ᠬᠤᠲᠠ ᠶᠢᠨ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠨᠡᠶᠢᠳᠡᠮ | ᠪᠠᠶᠢᠴᠠᠭᠠᠵᠤ ᠤᠬᠠᠭᠤᠯᠬᠤ ᠠᠵᠢᠯ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠨᠡᠶᠢᠳᠡᠮ ᠪᠠᠶᠢᠴᠠᠭᠠᠵᠤ | ᠳᠠᠩᠰᠠᠯᠠᠬᠤ ᠠᠵᠢᠯ ᠢ ᠬᠠᠷᠢᠭᠤᠴᠠᠨ ᠵᠣᠬᠢᠴᠠᠭᠤᠯᠤᠨ᠎ᠠ︔ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠡᠷᠦᠬᠡ ᠠᠮᠠ ᠶᠢ ᠴᠡᠭᠴᠡᠯᠡᠬᠦ ᠠᠵᠢᠯ ᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠮᠡᠳᠡᠭᠡ | ᠵᠠᠩᠭᠢ ᠬᠢᠭᠡᠳ ᠡᠷᠦᠬᠡ ᠠᠮᠠ ᠶᠢᠨ ᠵᠠᠰᠠᠭ ᠵᠠᠬᠢᠷᠭᠠᠨ ᠤ ᠲᠡᠮᠳᠡᠭᠯᠡᠯ ᠢ ᠬᠠᠷᠢᠴᠠᠭᠤᠯᠤᠨ ᠬᠠᠷᠭᠤᠭᠤᠯᠬᠤ ᠠᠵᠢᠯ ᠢ | ᠬᠠᠪᠰᠤᠷᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠱᠠᠲᠤ ᠦᠶ᠎ᠡ ᠶᠢᠨ ᠬᠠᠮᠢᠶ᠎ᠠ | ᠪᠦᠬᠦᠢ ᠠᠵᠢᠯ ᠢ ᠬᠠᠮᠵᠢᠯᠴᠠᠬᠤ ᠬᠡᠷᠡᠭᠲᠡᠶ᠃ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠵᠠᠰᠠᠭ ᠵᠠᠬᠢᠷᠭᠠᠨ ᠤ | ᠣᠷᠣᠨ ᠤ ᠬᠤᠪᠢᠶᠠᠷᠢᠯᠠᠯ ᠤᠨ ᠲᠠᠯ᠎ᠠ ᠪᠠᠷ ᠬᠢ ᠵᠣᠬᠢᠴᠠᠭᠤᠯᠤᠨ ᠬᠠᠮᠵᠢᠯᠴᠠᠬᠤ ᠠᠵᠢᠯ ᠢ ᠬᠠᠷᠢᠭᠤᠴᠠᠵᠤ᠂ ᠦᠬᠦᠭᠰᠡᠨ | ᠬᠥᠮᠦᠨ ᠠᠮᠠ ᠶᠢᠨ ᠣᠷᠣᠰᠢᠭᠤᠯᠭ᠎ᠠ ᠶᠢᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠲᠡᠮᠳᠡᠭᠯᠡᠯ ᠢ ᠬᠠᠪᠰᠤᠷᠤᠨ | ᠬᠠᠩᠭᠠᠨ᠎ᠠ︔ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ | ᠵᠣᠬᠢᠴᠠᠭᠤᠯᠤᠨ ᠪᠠᠳᠤᠯᠠᠬᠤ ᠠᠵᠢᠯ ᠢ ᠬᠠᠷᠢᠭᠤᠴᠠᠨ᠎ᠠ︔ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠨᠡᠶᠢᠳᠡᠮ ᠪᠠᠶᠢᠴᠠᠭᠠᠯᠲᠠ ᠶᠢᠨ ᠵᠢᠷᠤᠭ ᠵᠢᠷᠤᠬᠤ ᠳᠤ ᠬᠡᠷᠡᠭᠰᠡᠬᠦ ᠭᠠᠵᠠᠷ ᠵᠦᠶ ᠶᠢᠨ ᠮᠡᠳᠡᠭᠡ ᠵᠠᠩᠭᠢ ᠶᠢᠨ | ᠮᠠᠲ᠋ᠧᠷᠢᠶᠠᠯ ᠤᠨ ᠵᠣᠬᠢᠴᠠᠭᠤᠯᠤᠨ ᠪᠠᠲᠤᠯᠠᠬᠤ ᠠᠵᠢᠯ ᠢ ᠬᠠᠷᠢᠭᠤᠴᠠᠨ᠎ᠠ︔ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠨᠢ ᠨᠡᠶᠢᠳᠡᠮ ᠪᠠᠶᠢᠴᠠᠭᠠᠯᠲᠠ ᠥᠷᠨᠢᠭᠦᠯᠬᠦ ᠳᠤ ᠠᠰᠢᠭᠲᠠᠢ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠬᠠᠷᠢᠭᠤᠴᠠᠨ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ | ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠲᠡᠮᠳᠡᠭᠯᠡᠯ ᠤᠨ | ᠬᠠᠷᠢᠴᠠᠭᠤᠯᠤᠨ ᠬᠠᠷᠭᠤᠭᠤᠯᠬᠤ ᠠᠵᠢᠯ ᠨᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ | ᠱᠠᠲᠤ ᠦᠶ᠎ᠡ ᠶᠢᠨ ᠬᠠᠮᠢᠶ᠎ᠠ ᠪᠦᠬᠦᠢ ᠠᠵᠢᠯ ᠳᠤ ᠬᠠᠮᠵᠢᠯᠴᠠᠬᠤ ᠬᠡᠷᠡᠭᠲᠡᠶ᠃ ᠤᠳᠤᠷᠢᠳᠬᠤ ᠳᠤᠭᠤᠶᠢᠯᠠᠩ ᠤᠨ | ᠪᠤᠰᠤᠳ ᠪᠦᠷᠢᠯᠳᠦᠬᠦᠨ ᠨᠢᠭᠡᠴᠡ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ᠂ ᠨᠡᠶᠢᠳᠡᠮ ᠪᠠᠶᠢᠴᠠᠭᠠᠯᠲᠠ ᠲᠡᠮᠳᠡᠭᠯᠡᠯ ᠪᠠ ᠤᠬᠠᠭᠤᠯᠤᠨ | ᠳᠠᠶᠢᠴᠢᠯᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ︵ᠭᠤᠷᠪᠠ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠬᠤᠲᠠ ᠶᠢᠨ ᠱᠠᠲᠤᠨ ᠤ | ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ | ᠂ ᠬᠤᠯᠪᠣᠭᠳᠠᠯ ᠪᠦᠬᠦᠢ ᠨᠢᠭᠡᠴᠡ ᠠᠴᠠ ᠨᠥᠬᠦᠴᠡᠯ ᠳᠤ ᠨᠡᠶᠢᠴᠡᠬᠦ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ | ᠪᠣᠯᠤᠨ ᠨᠡᠶᠢᠳᠡᠮ ᠪᠠᠶᠢᠴᠠᠭᠠᠭᠴᠢ ᠶᠢ ᠤᠷᠢᠨ ᠬᠡᠷᠡᠭᠯᠡᠬᠦ ᠪᠤᠶᠤ ᠵᠢᠭᠡᠯᠡᠨ ᠬᠡᠷᠡᠭᠯᠡᠬᠦ ᠬᠡᠷᠡᠭᠲᠡᠶ᠃ ᠨᠡᠶᠢᠳᠡᠮ | ᠪᠠᠶᠢᠴᠠᠭᠠᠯᠲᠠ ᠶᠢᠨ ᠣᠷᠣᠨ ᠨᠢᠭᠡᠪᠦᠷᠢ ᠳᠤ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠶᠢ ᠠᠳᠠᠭ ᠲᠠᠭᠠᠨ ᠨᠢᠭᠡ | ᠬᠥᠮᠦᠨ ᠲᠣᠬᠢᠷᠠᠭᠤᠯᠵᠤ᠂ ᠨᠡᠶᠢᠳᠡᠮ ᠪᠠᠶᠢᠴᠠᠭᠠᠭᠴᠢ ᠶᠢᠨ ᠠᠵᠢᠯ ᠢ ᠲᠣᠬᠢᠷᠠᠭᠤᠯᠬᠤ᠂ ᠵᠢᠯᠣᠭᠤᠳᠬᠤ᠂ ᠰᠢᠮᠳᠠᠭᠤᠯᠬᠤ | ᠪᠠ ᠪᠠᠶᠢᠴᠠᠭᠠᠬᠤ ᠶᠢ ᠬᠠᠷᠢᠭᠤᠴᠠᠭᠤᠯᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠵᠢᠵᠢᠭ ᠲᠣᠭᠤᠷᠢᠭ ᠨᠢᠭᠡᠪᠦᠷᠢ ᠨᠢ | ᠠᠳᠠᠭ ᠲᠠᠭᠠᠨ ᠨᠢᠭᠡ ᠨᠡᠷᠡᠰ ᠨᠡᠶᠢᠳᠡᠮ ᠪᠠᠶᠢᠴᠠᠭᠠᠭᠴᠢ ᠲᠣᠬᠢᠷᠠᠭᠤᠯᠵᠤ᠂ ᠡᠷᠦᠬᠡ ᠳᠤ ᠬᠦᠷᠴᠦ ᠳᠠᠩᠰᠠᠯᠠᠭᠤᠯᠬᠤ ᠵᠡᠷᠭᠡ | ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠪᠣᠯᠤᠨ | ᠨᠡᠶᠢᠳᠡᠮ ᠪᠠᠶᠢᠴᠠᠭᠠᠭᠴᠢ ᠶᠢ ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠠᠴᠠ ᠵᠢᠭᠡᠯᠡᠵᠦ᠂ ᠭᠠᠴᠠᠭᠠᠨ ᠤ ᠰᠠᠭᠤᠭᠠᠯᠢ ᠠᠷᠠᠳ ᠤᠨ ᠵᠥᠪᠯᠡᠯ ᠪᠤᠶᠤ ᠨᠡᠶᠢᠭᠡᠮ ᠠᠴᠠ | ᠤᠷᠢᠨ ᠬᠡᠷᠡᠭᠯᠡᠭᠰᠡᠨ ᠴᠦ ᠪᠣᠯᠤᠨ᠎ᠠ᠃ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ ᠪᠠ ᠨᠡᠶᠢᠳᠡᠮ | ᠪᠠᠶᠢᠴᠠᠭᠠᠭᠴᠢ ᠶᠢ ᠵᠢᠭᠡᠯᠡᠨ ᠰᠢᠯᠵᠢᠭᠦᠯᠬᠦ ᠪᠠ ᠤᠷᠢᠬᠤ ᠠᠵᠢᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠬᠠᠷᠢᠭᠤᠴᠠᠨ᠎ᠠ᠃ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠩᠨᠡᠭᠡ ᠶᠢ ᠲᠣᠭᠲᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠠᠵᠢᠯᠲᠠᠨ ᠡᠯᠰᠡᠬᠦ ᠠᠵᠢᠯ ᠤᠨ | ᠬᠥᠯᠥᠰᠥ ᠣᠯᠭᠤᠮᠵᠢ ᠶᠢ ᠴᠠᠭ ᠲᠤᠬᠠᠶ ᠳᠤᠨᠢ ᠥᠭᠴᠦ᠂ ᠵᠢᠭᠡᠯᠡᠨ ᠰᠢᠯᠵᠢᠭᠦᠯᠦᠭᠰᠡᠨ ᠬᠥᠮᠦᠰ ᠤᠨ ᠤᠤᠯ ᠤᠨ | ᠨᠢᠭᠡᠴᠡ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠬᠠᠷᠠᠭᠠᠯᠵᠠᠯ ᠨᠢ ᠬᠤᠪᠢᠷᠠᠬᠤ ᠦᠭᠡᠢ ᠪᠠᠶᠢᠬᠤ ᠶᠢ ᠪᠠᠲᠤᠯᠠᠵᠤ᠂ | ᠪᠠᠰᠠ ᠤᠤᠯ ᠤᠨ ᠠᠵᠢᠯ ᠤᠨ ᠪᠠᠶᠢᠷᠢ ᠶᠢ ᠨᠢ ᠦᠯᠡᠳᠡᠭᠡᠨ᠎ᠡ᠃ ᠤᠷᠢᠵᠤ ᠬᠡᠷᠡᠭᠯᠡᠭᠰᠡᠨ ᠨᠡᠶᠢᠳᠡᠮ ᠪᠠᠶᠢᠴᠠᠭᠠᠯᠲᠠ ᠶᠢᠨ | ᠵᠢᠭᠠᠨ ᠵᠢᠯᠣᠭᠤᠳᠤᠭᠴᠢ ᠪᠠ ᠨᠡᠶᠢᠳᠡᠮ ᠪᠠᠶᠢᠴᠠᠭᠠᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ᠂ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠳᠤ ᠲᠣᠬᠢᠷᠠᠭᠤᠯᠵᠤ᠂ ᠤᠷᠢᠨ ᠬᠡᠷᠡᠭᠯᠡᠬᠦ ᠨᠢᠭᠡᠴᠡ ᠠᠴᠠ ᠥᠭᠬᠦ | ᠬᠡᠷᠡᠭᠲᠡᠶ᠃ | ᠲᠦᠷᠪᠡ᠂ ᠵᠠᠷᠤᠳᠠᠯ ᠤᠨ ᠪᠠᠲᠤᠯᠠᠭ᠎ᠠ | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ | ᠵᠠᠷᠤᠳᠠᠯ ᠢ ᠲᠥᠪ ᠤᠨ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤᠪᠠᠷ | ᠡᠭᠦᠷᠭᠡᠯᠡᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠰ ᠤᠳᠠᠭᠠᠨ ᠤ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠨᠢ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠴᠠᠭ | ᠬᠤᠭᠤᠴᠠᠭ᠎ᠠ ᠶᠣᠰᠣᠭᠠᠷ ᠲᠤᠭ᠎ᠠ ᠶᠣᠰᠣᠭᠠᠷ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠠᠰᠠᠭᠤᠳᠠᠯ ᠠᠴᠠ ᠪᠣᠯᠵᠤ ᠨᠡᠶᠢᠳᠡᠮ ᠪᠠᠶᠢᠴᠠᠭᠠᠯᠲᠠ ᠶᠢᠨ | ᠠᠵᠢᠯ ᠢ ᠦᠷᠨᠢᠭᠦᠯᠭᠦ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠥᠯᠥᠭᠡᠯᠡᠵᠦ ᠪᠣᠯᠬᠤ | ᠦᠭᠡᠢ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠨᠢᠭᠡᠴᠡ ᠨᠦᠭᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠭᠡᠯ ᠤᠨ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ | ᠳᠦᠷᠢᠮ︾᠂ ︽ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ | ᠠᠵᠢᠯ ᠢ ᠬᠢᠨᠠᠮᠠᠭᠠᠶ ᠰᠠᠶᠢᠲᠤᠷ ᠬᠢᠨ᠎ᠡ᠃ ᠨᠡᠶᠢᠳᠡᠮ ᠪᠠᠶᠢᠴᠠᠭᠠᠯᠲᠠ ᠳᠤ ᠣᠯᠤᠭᠰᠠᠨ ᠲᠤᠭ᠎ᠠ ᠪᠠᠷᠢᠮᠲᠠ ᠶᠢ ᠨᠡᠶᠢᠳᠡᠮ | ᠪᠠᠶᠢᠴᠠᠭᠠᠯᠲᠠ ᠶᠢᠨ ᠵᠣᠷᠢᠯᠭ᠎ᠠ ᠳᠤ ᠬᠡᠷᠡᠭᠯᠡᠬᠦ ᠶᠢ ᠴᠢᠩᠭ᠎ᠠ ᠬᠢᠵᠠᠭᠠᠷᠯᠠᠨ ᠲᠣᠭᠲᠠᠭᠠᠵᠤ᠂ ᠶᠠᠮᠠᠷᠪᠠ ᠰᠠᠯᠠᠭ᠎ᠠ ᠮᠥᠴᠢᠷ | ᠪᠣᠯᠤᠨ ᠨᠢᠭᠡᠴᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠢᠨᠠᠨ ᠰᠢᠯᠭᠠᠬᠤ᠂ ᠱᠠᠩᠨᠠᠵᠤ | ᠲᠣᠷᠭᠠᠬᠤ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠤᠭᠰᠠᠨ ᠳᠠᠩ | ᠭᠠᠭᠴᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠪᠡᠶ ᠡ ᠬᠡᠮ ᠢ ᠢᠯᠭᠠᠨ ᠲᠠᠨᠢᠬᠤ ᠪᠤᠶᠤ ᠮᠠᠭᠠᠳᠯᠠᠵᠤ ᠴᠢᠳᠠᠬᠤ | ᠮᠠᠲ᠋ᠧᠷᠢᠶᠠᠯ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠰᠢᠳᠬᠡᠨ ᠲᠣᠷᠭᠠᠬᠤ ᠵᠡᠷᠭᠡ ᠵᠠᠰᠠᠭ ᠵᠠᠬᠢᠷᠭᠠᠨ ᠤ ᠪᠣᠳᠠᠲᠠᠶ | ᠦᠢᠯᠡ ᠠᠵᠢᠯᠯᠠᠭ᠎ᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃ | ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠨ᠎ᠠ᠃ ᠨᠡᠶᠢᠳᠡᠮ ᠪᠠᠶᠢᠴᠠᠭᠠᠯᠲᠠ ᠶᠢᠨ | ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠨ ᠤᠬᠤᠴᠢᠯᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠪᠠ ᠵᠠᠷᠯᠠᠨ ᠢᠯᠡ ᠦᠵᠡᠭᠦᠯᠬᠦ ᠡᠷᠴᠢᠮ ᠢᠶᠠᠨ ᠨᠡᠮᠡᠭᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ | ᠵᠣᠷᠢᠭᠤᠳᠠ ᠬᠠᠷᠰᠢᠯᠠᠬᠤ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠤᠷᠤᠭᠰᠢᠲᠠᠶ ᠶᠠᠪᠤᠭᠳᠠᠬᠤ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠳᠠ ᠶᠢᠨ ᠦᠨᠡᠨ ᠪᠣᠳᠠᠲᠠᠶ | ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ | ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠳᠭᠡᠯ ᠥᠭᠬᠦ ᠪᠤᠶᠤ ᠰᠦᠯᠵᠢᠨ ᠰᠢᠢᠳᠪᠦᠷᠢᠯᠡᠬᠦ ᠶᠣᠰᠣᠲᠠᠶ | ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠭᠴᠢ ᠳᠤ᠂ | ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠲᠣᠭᠲᠠᠭᠠᠯ ᠶᠣᠰᠣᠭᠠᠷ ᠰᠢᠢᠳᠬᠡᠯ ᠥᠭᠴᠦ ᠰᠢᠢᠳᠪᠦᠷᠢᠯᠡᠬᠦ | ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠣᠮᠢᠯᠠᠵᠤ ᠪᠠᠭᠤᠯᠭᠠᠬᠤ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ︵ᠠᠵᠢᠯᠲᠠᠨ ᠤ ᠶᠠᠪᠤᠳᠠᠯ︶ ᠰᠠᠯᠠᠭ᠎ᠠ | ᠮᠥᠴᠢᠷ ᠲᠤ ᠴᠠᠭ ᠲᠤᠬᠠᠢ ᠳᠤᠨᠢ ᠰᠢᠯᠵᠢᠭᠦᠯᠦᠨ ᠬᠦᠷᠭᠡᠨ᠎ᠡ᠃ | ︵ᠭᠤᠷᠪᠠ︶ ᠮᠡᠳᠡᠭᠡ ᠵᠠᠩᠭᠢᠴᠢᠯᠠᠯᠳᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠨᠢ ᠡᠯᠧᠺᠲᠷᠴᠢᠯᠡᠭᠰᠡᠨ ᠠᠷᠭ᠎ᠠ | ᠮᠠᠶ᠋ᠢᠭ ᠢᠶᠠᠷ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠬᠢᠵᠦ᠂ ᠡᠯᠧᠺᠲᠷᠣᠨ ᠴᠤᠭᠯᠠᠭᠤᠯᠬᠤ ᠲᠥᠬᠦᠭᠡᠷᠦᠮᠵᠢ ︵ | PAD︶ ᠪᠤᠶᠤ ᠨᠡᠶᠢᠳᠡᠮ ᠪᠠᠶᠢᠴᠠᠭᠠᠭᠴᠢ ᠬᠤᠪᠢ ᠬᠥᠮᠦᠨ ᠤ ᠦᠨᠡᠨ ᠨᠡᠷ᠎ᠡ ᠪᠠᠷ ᠭᠡᠷᠡᠴᠢᠯᠡᠭᠰᠡᠨ ᠤᠶᠤᠨᠲᠤ ᠭᠠᠷ | ᠤᠲᠠᠰᠤᠨ ᠤ ᠳᠡᠩᠰᠡᠯᠡᠯᠲᠡ ᠶᠢᠨ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠮᠡᠳᠡᠭᠡ ᠵᠠᠩᠭᠢ ᠶᠢ ᠬᠡᠷᠡᠭᠯᠡᠬᠦ ᠶᠢᠨ ᠬᠠᠮᠲᠤ | ᠴᠠᠭ ᠲᠤᠬᠠᠶ ᠳᠤᠨᠢ ᠳᠡᠭᠡᠭᠰᠢ ᠮᠡᠳᠡᠭᠦᠯᠬᠦ᠂ ᠡᠰᠡᠬᠦᠯ᠎ᠡ ᠨᠡᠶᠢᠳᠡᠮ ᠪᠠᠶᠢᠴᠠᠭᠠᠭᠳᠠᠬᠤ ᠡᠲᠡᠭᠡᠳ ᠨᠢ ᠢᠨᠲ᠋ᠧᠷ | ᠰᠦᠯᠵᠢᠶ᠎ᠡ ᠪᠠᠷ ᠳᠠᠮᠵᠢᠭᠤᠯᠤᠨ ᠡᠵᠡᠨ ᠮᠡᠳᠡᠵᠦ ᠲᠠᠭᠯᠠᠨ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ | ᠨᠡᠶᠢᠳᠡᠮ ᠪᠠᠶᠢᠴᠠᠭᠠᠯᠲᠠ ᠶᠢᠨ ᠣᠷᠣᠨ ᠨᠢᠭᠡᠪᠦᠷᠢ ᠳᠤ ᠠᠳᠠᠭ ᠲᠠᠭᠠᠨ 2 ᠰᠠᠭᠤᠷᠢ PAD ᠪᠠᠶᠢᠬᠤ ᠶᠢ ᠪᠠᠲᠤᠯᠠᠵᠤ᠂ | ᠨᠡᠶᠢᠳᠡᠮ ᠪᠠᠶᠢᠴᠠᠭᠠᠯᠲᠠ ᠶᠢᠨ ᠣᠷᠣᠨ ᠪᠦᠰᠡ ᠶᠢᠨ ᠵᠢᠷᠤᠭ ᠵᠡᠷᠭᠡ ᠠᠵᠢᠯ ᠢ ᠬᠢᠬᠦ ᠳᠤ ᠬᠡᠷᠡᠭᠯᠡᠬᠦ ᠬᠡᠷᠡᠭᠲᠡᠶ᠃ ᠰᠠᠯᠠᠭ᠎ᠠ | ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠨᠡᠶᠢᠳᠡᠮ ᠪᠠᠶᠢᠴᠠᠭᠠᠯᠲᠠ ᠳᠠᠬᠢ ᠲᠣᠮᠣ | ᠳ᠋ᠠᠶᠢᠲ᠋ᠠ ᠶᠢᠨ ᠬᠡᠷᠡᠭᠯᠡᠯᠲᠡ ᠶᠢ ᠲᠦᠯᠬᠢᠨ ᠠᠬᠢᠭᠤᠯᠵᠤ᠂ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠲᠠ ᠶᠢ | ᠴᠤᠭᠯᠠᠭᠤᠯᠤᠨ ᠰᠢᠢᠳᠪᠦᠷᠢᠯᠡᠬᠦ ᠬᠦᠴᠦᠨ ᠴᠢᠳᠠᠪᠤᠷᠢ ᠶᠢ ᠲᠡᠭᠡᠭᠰᠢᠯᠡᠭᠦᠯᠦᠨ᠎ᠡ᠃ ᠠᠷᠠᠳ ᠢᠷᠭᠡᠨ ᠤ ᠬᠤᠪᠢ | ᠬᠥᠮᠦᠨ ᠤ ᠮᠡᠳᠡᠭᠡ ᠵᠠᠩᠭᠢ ᠶᠢᠨ ᠪᠦᠬᠦ ᠶᠠᠪᠤᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠡᠷᠬᠡᠪᠰᠢ ᠨᠢᠭᠤᠴᠠ ᠶᠢ ᠬᠠᠮᠠᠭᠠᠯᠠᠬᠤ ᠡᠭᠦᠷᠭᠡ ᠪᠠᠨ ᠴᠢᠩᠭ᠎ᠠ | ᠭᠦᠢᠴᠡᠳᠭᠡᠵᠦ᠂ ᠪᠠᠶᠢᠭᠤᠯᠤᠮᠵᠢ᠂ ᠨᠢᠭᠡᠴᠡ᠂ ᠬᠤᠪᠢ ᠬᠦᠮᠦᠨᠳᠥ ᠠᠷᠠᠳ ᠢᠷᠭᠡᠳ ᠤᠨ ᠬᠤᠪᠢ ᠬᠥᠮᠦᠨ ᠤ | ᠮᠡᠳᠡᠭᠡ ᠵᠠᠩᠭᠢ ᠶᠢ ᠵᠠᠳᠠᠷᠠᠭᠤᠯᠬᠤ ᠪᠤᠶᠤ ᠬᠤᠳᠠᠯᠳᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ︵ᠲᠦᠷᠪᠡ︶ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠬᠠᠭᠤᠯᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ | ᠪᠠᠶᠢᠴᠠᠭᠠᠯᠲᠠ ᠶᠢᠨ ᠤᠬᠠᠭᠤᠯᠭ᠎ᠠ ᠶᠢᠨ ᠲᠥᠰᠦᠪᠯᠡᠬᠦ ᠪᠠ ᠵᠣᠬᠢᠶᠠᠨ ᠪᠠᠶᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ | ᠂ ᠣᠯᠠᠨ ᠵᠦᠢᠯ ᠤᠨ ᠠᠷᠭ᠎ᠠ ᠪᠠᠷᠢᠯ ᠠᠪᠴᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠥᠷᠭᠡᠨ ᠭᠦᠨᠵᠡᠭᠡᠶ ᠤᠬᠠᠭᠤᠯᠵᠤ᠂ ᠥᠷᠭᠡᠨ ᠣᠯᠠᠨ | ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠬᠦᠳᠦᠯᠦᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ | ᠶᠣᠰᠣᠭᠠᠷ ᠬᠠᠮᠵᠢᠯᠴᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠲᠥᠷᠥᠯ ᠵᠦᠢᠯ ᠢ ᠦᠨᠡᠨ ᠢᠶᠠᠷ ᠨᠢ ᠮᠡᠳᠡᠭᠦᠯᠵᠦ᠂ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠳᠤ ᠰᠠᠶᠢᠨ ᠰᠠᠶᠢᠬᠠᠨ ᠶᠠᠷᠢᠶ᠎ᠠ | ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ | | 2020 ᠣᠨ ᠤ 2 ᠰᠠᠷ᠎ᠠ ᠶᠢᠨ 28 ᠤ ᠡᠳᠦᠷ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |