| 7 ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠳᠠ ᠶᠢᠨ ᠳᠠᠷᠤᠭ᠎ᠠ ᠸᠠᠩ ᡁᠢ ᠶᠦᠩ ᠬᠡᠰᠡᠭ ᠠᠵᠤ ᠠᠬᠤᠶᠢᠯᠠᠯ ᠪᠠ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠵᠦ᠂ | ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠣᠭᠤᠳᠪᠠ᠃ | | ᠥᠪᠥᠷ ᠮᠣᠩᠭᠤᠯ ᠤᠨ ᠰᠢᠨ ᠲᠠᠢ ᠶᠤᠸᠠᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ᠂ | ᠸᠠᠩ ᡁᠢ ᠶᠦᠩ ᠪᠠᠷᠢᠯᠭ᠎ᠠ ᠶᠢᠨ ᠠᠬᠢᠴᠠ ᠪᠣᠯᠤᠨ ᠲᠠᠷᠠᠭᠠᠴᠢ ᠶᠢᠨ ᠠᠯᠬᠤᠮ ᠤᠨ ᠪᠠᠷᠢᠯᠭ᠎ᠠ ᠶᠢᠨ ᠠᠵᠢᠯ ᠤᠨ | ᠪᠠᠶᠢᠷᠢᠯᠠᠭᠤᠯᠤᠯᠳᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠪᠠ᠃ ᠸᠠᠩ ᡁᠢ ᠶᠦᠩ ᠵᠢᠭᠠᠵᠤ | ᠭᠠᠷᠭᠠᠭᠰᠠᠨ ᠨᠢ᠂ ᠪᠠᠷᠢᠯᠭ᠎ᠠ ᠪᠠᠷᠢᠬᠤ ᠨᠢᠭᠡᠴᠡ ᠠᠶᠤᠯᠭᠦᠶ ᠦᠢᠯᠡᠳᠪᠦᠷᠢᠯᠡᠯ ᠤᠨ ᠠᠵᠢᠯ ᠢ ᠲᠡᠭᠡᠳᠤ ᠬᠡᠮᠵᠢᠶ᠎ᠡ ᠪᠠᠷ | ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ | ᠱᠤᠭᠤᠮ ᠤᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠨᠠᠷᠢᠨ ᠬᠢᠨᠠᠮᠠᠭᠠᠢ | ᠪᠠᠶᠢᠴᠠᠭ᠎ᠠ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ︔ ᠲᠤᠬᠠᠶ ᠶᠢᠨ ᠲᠠᠯᠠᠪᠤᠷ ᠤᠨ | ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠠᠵᠢᠯᠯᠠᠬᠤ ᠳᠦᠷᠢᠮ ᠢ ᠴᠢᠩᠭ᠎ᠠ ᠵᠢᠷᠤᠮᠯᠠᠵᠦ᠂ ᠠᠵᠢᠯᠲᠠᠨ ᠠᠵᠢᠯᠴᠢᠨ ᠤ | ᠠᠮᠤᠷ ᠲᠦᠪᠰᠢᠨ ᠤ ᠮᠡᠳᠡᠯᠭᠡ᠂ ᠠᠶᠤᠯᠭᠦᠶ ᠦᠢᠯᠡᠳᠪᠦᠷᠢᠯᠡᠯ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠢ ᠤᠯᠠᠮ ᠨᠢᠭᠡ | ᠠᠯᠬᠤᠮ ᠨᠡᠮᠡᠭᠳᠡᠭᠦᠯᠵᠦ᠂ ᠠᠵᠢᠯᠲᠠᠨ ᠠᠵᠢᠯᠴᠢᠨ ᠤ ᠠᠶᠤᠯᠭᠦᠶ ᠦᠢᠯᠡᠳᠪᠦᠷᠢᠯᠡᠯ ᠤᠨ ᠤᠷ᠎ᠠ ᠴᠢᠳᠠᠪᠤᠷᠢ ᠶᠢᠨ ᠬᠡᠪ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ ᠤ ᠬᠠᠷᠢᠭᠤᠴᠠᠯᠭᠠᠲᠤ ᠤᠬᠠᠮᠰᠠᠷ ᠢ ᠬᠥᠮᠦᠰ ᠤᠨ ᠰᠡᠳᠬᠢᠯ ᠳᠤ | ᠬᠠᠳᠠᠩᠰᠢᠭᠤᠯᠬᠤ ᠶᠢ ᠦᠨᠡᠨ ᠬᠦ ᠪᠠᠳᠤᠯᠠᠬᠤ ᠬᠡᠷᠡᠭᠲᠡᠢ︔ ᠠᠶᠤᠯᠭᠦᠶ ᠦᠢᠯᠡᠳᠪᠦᠷᠢᠯᠡᠯ ᠤᠨ ᠦᠵᠡᠯᠲᠡ ᠶᠢ ᠪᠠᠲᠤ ᠪᠠᠬᠢ ᠪᠤᠢ | ᠪᠣᠯᠭᠠᠵᠤ᠂ ᠠᠵᠢᠯᠲᠠᠨ ᠠᠵᠢᠯᠴᠢᠨ ᠤ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯᠴᠢᠨ ᠠᠵᠢᠯᠲᠠᠨ ᠢ | ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠠᠵᠢᠯᠯᠠᠭᠤᠯᠵᠤ᠂ ᠠᠯᠢᠪᠠ ᠠᠮᠤᠷ ᠲᠦᠪᠰᠢᠨ ᠤ ᠳᠠᠯᠳᠠ ᠭᠡᠮ ᠢ ᠬᠤᠷᠢᠭᠯᠠᠨ | ᠵᠣᠭᠰᠣᠭᠠᠵᠤ᠂ ᠡᠯ᠎ᠡ ᠵᠦᠢᠯ ᠤᠨ ᠠᠵᠢᠯ ᠨᠢ ᠡᠮᠬᠢ ᠵᠢᠷᠤᠮ ᠲᠠᠢ᠂ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠶ᠃ | | ᠥᠪᠥᠷ ᠮᠣᠩᠭᠤᠯ ᠤᠨ ᠲᠢᠶᠠᠨ ᠱᠦᠸᠧ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠤᠮᠫᠠᠨᠢ ᠳᠤ᠂ ᠸᠠᠩ ᡁᠢ ᠶᠦᠩ ᠠᠵᠤ ᠠᠬᠤᠶᠢᠯᠠᠯ ᠤᠨ ᠦᠢᠯᠡᠳᠪᠦᠷᠢ ᠶᠢᠨ ᠭᠡᠷ ᠲᠤ ᠣᠷᠣᠵᠤ ᠬᠠᠷᠢᠭᠤ ᠮᠡᠳᠡᠭᠦᠯᠦᠯᠲᠡ ᠶᠢ | ᠰᠣᠨᠣᠰᠴᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ | ᠲᠡᠷᠡ᠂ ᠠᠵᠤ ᠠᠬᠤᠶᠢᠯᠠᠯ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠬᠤ ᠳᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠦ᠂ ᠡᠯ᠎ᠡ ᠵᠦᠢᠯ ᠤᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ | ᠲᠠᠰᠤᠷᠠᠯᠲᠠ ᠤᠢᠭᠡᠢ ᠲᠡᠭᠡᠭᠰᠢᠯᠡᠭᠦᠯᠦᠨ ᠲᠡᠭᠦᠯᠳᠡᠷᠵᠢᠭᠦᠯᠵᠦ᠂ ᠮᠠᠰᠢᠨ ᠴᠠᠬᠢᠯᠭᠠᠨ ᠤ ᠲᠥᠬᠦᠭᠡᠷᠦᠮᠵᠢ ᠵᠡᠷᠭᠡ ᠲᠤᠰᠬᠠᠶ | ᠬᠠᠮᠢᠶᠠᠷᠤᠯᠲᠠ ᠶᠢ ᠴᠢᠩᠭᠠᠳᠬᠠᠨ᠂ ᠠᠶᠤᠯᠭᠦᠶ ᠦᠢᠯᠡᠳᠪᠦᠷᠢᠯᠡᠯ ᠢ ᠦᠨᠡᠨ ᠬᠦ ᠪᠠᠲᠤᠯᠠᠨ᠎ᠠ︔ ᠠᠶᠤᠯ ᠦᠭᠡᠢ | ᠦᠢᠯᠡᠳᠪᠦᠷᠢᠯᠡᠯ ᠤᠨ ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ | ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ᠪᠠᠯᠠᠶ ᠣᠷᠣᠨ ᠦᠯᠡᠳᠡᠭᠡᠬᠦ ᠦᠭᠡᠢ᠂ ᠥᠨᠴᠥᠭ ᠪᠤᠯᠤᠩ ᠦᠭᠡᠢ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | | ᠸᠠᠩ ᡁᠢ ᠶᠦᠩ ᠴᠢᠬᠤᠯᠠᠴᠢᠯᠠᠭᠰᠠᠨ ᠨᠢ᠂ ᠣᠳᠣᠬᠠᠨ ᠳᠤ ᠨᠢᠭᠡᠨᠲᠡ ᠦᠶᠡᠷ ᠤᠨ ᠬᠤᠭᠤᠴᠠᠭᠠᠨ ᠳᠤ ᠣᠷᠣᠵᠤ᠂ | ᠦᠶᠡᠷ ᠢ ᠰᠡᠷᠭᠡᠶᠢᠯᠡᠬᠦ ᠪᠠ ᠦᠶᠡᠷ ᠤᠨ ᠬᠤᠭᠤᠴᠠᠭᠠᠨ ᠤ ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ | ᠲᠠᠶᠢᠱᠠᠨ ᠠᠭᠤᠯᠠᠨ ᠠᠴᠠ ᠬᠦᠨᠳᠦ᠂ ᠥᠷᠭᠡᠨ ᠣᠯᠠᠨ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠨ᠎ᠠ᠃ ᠡᠯ᠎ᠡ ᠱᠠᠲᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠷᠬᠡᠪᠰᠢ ᠭᠦᠢᠴᠡᠳ ᠪᠡᠯᠡᠳᠬᠡᠯ ᠬᠢᠵᠦ᠂ | ᠭᠤᠤᠯᠳᠠᠯᠭ᠎ᠠ ᠲᠠᠢ ᠠᠮᠤᠷ ᠲᠦᠪᠰᠢᠨ ᠤ ᠲᠥᠬᠦᠭᠡᠷᠦᠮᠵᠢ ᠶᠢ ᠲᠣᠭᠤᠷᠢᠨ ᠪᠠᠶᠢᠴᠠᠭᠠᠬᠤ ᠪᠠ ᠳᠠᠯᠳᠠ ᠭᠡᠮ ᠢ ᠵᠢᠬᠰᠠᠭᠠᠨ | ᠪᠠᠶᠢᠴᠠᠭᠠᠬᠤ ᠪᠠᠨ ᠴᠢᠩᠭᠠᠳᠬᠠᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠦᠨᠡᠨᠬᠦ ᠰᠠᠶᠢᠲᠤᠷ | ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠰᠠᠶᠢᠲᠤᠷ ᠥᠷᠨᠢᠭᠦᠯᠵᠦ᠂ ᠡᠳ᠋ ᠪᠣᠳᠠᠰ ᠤᠨ | ᠪᠠᠳᠤᠯᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠦᠢᠯᠡᠳᠪᠦᠷᠢᠯᠡᠯ ᠤᠨ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠪᠠᠳᠤᠯᠠᠬᠤ ᠬᠡᠷᠡᠭᠳᠡᠢ᠃ | ᠵᠣᠬᠢᠶᠠᠭᠴᠢ᠄ ᠵᠧᠤ ᠱᠣᠤ ᠬᠤᠸᠠ | ᠤᠷᠴᠢᠭᠤᠯᠤᠬᠴᠢ᠄ ᠼᠦᠢ ᠶᠢᠩ |