| 7 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ᠂ ᠬᠤᠩ ᠱᠠ ᠪᠠ ᠪᠠᠯᠭᠠᠰᠤᠨ ᠳᠤ ᠭᠦᠨᠵᠡᠭᠡᠶᠢᠷᠡᠨ ᠮᠥᠨᠳᠥᠷ ᠤᠨ | ᠭᠠᠮᠰᠢᠭ ᠤᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠭᠠᠮᠰᠢᠭ ᠠᠴᠠ ᠠᠪᠤᠷᠬᠠᠤ ᠠᠵᠢᠯ ᠢ ᠵᠢᠯᠣᠭᠤᠳᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢ | ᠱᠦ ᠸᠧᠶ ᠪᠠᠷ᠎ᠠ ᠪᠣᠯᠵᠣ ᠪᠠᠶᠢᠴᠠᠭᠠᠨ ᠦᠵᠡᠪᠡ᠃ | | ᠲᠦᠷᠦᠭᠦᠬᠡᠨ᠂ ᠬᠤᠩ ᠱᠠ ᠪᠠ ᠪᠠᠯᠭᠠᠰᠤ ᠮᠥᠨᠳᠥᠷ ᠲᠤ ᠲᠠᠭᠠᠷᠢᠬᠳᠠᠵᠦ᠂ ᠵᠢᠷᠭᠤᠭᠠᠨ ᠲᠣᠰᠬᠤᠨ ᠤ ᠠᠷᠠᠳ ᠤᠨ | ᠲᠠᠷᠢᠮᠠᠯ ᠪᠣᠯᠤᠨ ᠬᠦᠯᠡᠮᠵᠢ ᠶᠢᠨ ᠲᠠᠷᠢᠶᠠᠯᠠᠩ ᠤᠨ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠳᠤ ᠬᠦᠨᠳᠦ ᠨᠣᠴᠢᠲᠠᠶ | ᠬᠤᠬᠢᠷᠠᠯ ᠤᠴᠡᠷᠠᠪᠠ᠃ ᠭᠠᠮᠰᠢᠭ ᠡᠭᠦᠰᠦᠭᠰᠡᠨ ᠤ ᠳᠠᠷᠠᠭ᠎ᠠ᠂ ᠬᠤᠲᠠ ᠶᠢᠨ ᠤᠳᠤᠷᠢᠳᠤᠯᠭ᠎ᠠ ᠨᠠᠷ ᠭᠠᠮᠰᠢᠭᠳᠠᠭᠰᠠᠨ ᠪᠠᠶᠢᠳᠠᠯ | ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠲᠤᠬᠠᠢ ᠶᠢᠨ ᠴᠠᠭ ᠲᠤᠨᠢ ᠬᠠᠯᠠᠮᠵᠢᠯᠠᠪᠠ᠃ | ᠸᠠᠩ ᠵᠧᠨ ᠬᠠᠢ ᠲᠠᠷᠢᠶᠠᠨ ᠳᠤᠮᠳᠠ ᠭᠦᠨᠵᠡᠭᠡᠶᠢᠷᠡᠵᠦ᠂ ᠲᠠᠷᠢᠮᠠᠯ ᠤᠨ ᠭᠠᠮᠰᠢᠭ ᠤᠨ ᠪᠠᠶᠢᠳᠠᠯ ᠢ ᠨᠠᠷᠢᠨ ᠬᠢᠨᠠᠮᠠᠭᠠᠢ | ᠪᠠᠶᠢᠴᠠᠭᠠᠨ ᠦᠵᠡᠵᠦ᠂ ᠵᠠᠮ ᠪᠠ ᠭᠤᠤᠯ ᠤᠨ ᠵᠠᠮ ᠤᠨ ᠬᠤᠯᠪᠣᠭᠳᠠᠯ ᠪᠦᠬᠦᠢ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ | ᠣᠳᠣᠬᠠᠨ ᠤ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠤ | ᠬᠠᠮᠲᠤ ᠪᠣᠳᠠᠲᠠᠶ ᠱᠠᠭᠠᠷᠳᠠᠯᠭ᠎ᠠ ᠲᠤᠷᠠᠳᠪᠠ᠃ | | ᠸᠠᠩ ᠵᠧᠨ ᠬᠠᠢ ᠰᠢᠶᠠᠩ ᠪᠠᠯᠭᠠᠰᠤ ᠳᠠᠷᠤᠶ ᠲᠦᠷᠭᠡᠨ ᠬᠥᠮᠦᠰ ᠢ ᠵᠣᠬᠢᠶᠠᠨ ᠪᠠᠶᠢᠭᠤᠯᠵᠤ᠂ ᠭᠠᠮᠰᠢᠭᠳᠠᠭᠰᠠᠨ ᠪᠠᠶᠢᠳᠠᠯ ᠢ | ᠡᠷᠦᠬᠡ ᠳᠠᠷᠠᠭᠠᠯᠠᠨ ᠭᠠᠵᠠᠷ ᠳᠠᠷᠠᠭᠠᠯᠠᠨ ᠪᠠᠶᠢᠴᠠᠭᠠᠨ ᠵᠢᠭᠰᠠᠭᠠᠵᠤ᠂ ᠭᠠᠮᠰᠢᠭᠳᠠᠭᠰᠠᠨ ᠲᠠᠷᠢᠮᠠᠯ ᠤᠨ ᠲᠥᠷᠥᠯ ᠵᠦᠢᠯ᠂ | ᠲᠠᠯᠠᠪᠠᠢ ᠪᠣᠯᠤᠨ ᠭᠠᠮᠰᠢᠭᠳᠠᠭᠰᠠᠨ ᠬᠡᠮᠵᠢᠶ᠎ᠡ ᠶᠢ ᠪᠦᠬᠦ ᠲᠠᠯ᠎ᠠ ᠪᠠᠷ ᠨᠠᠷᠢᠨ ᠨᠢᠮᠪᠠᠶ ᠡᠵᠡᠮᠰᠢᠬᠦ ᠬᠡᠷᠡᠭᠲᠡᠶ︔ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠳᠡᠪᠬᠢᠲᠡᠢ ᠪᠥᠭᠡᠳ ᠪᠦᠲᠦᠮᠵᠢᠲᠡᠶ ᠠᠪᠤᠷᠠᠨ ᠲᠡᠳᠬᠦᠬᠦ ᠠᠷᠭ᠎ᠠ ᠬᠡᠮᠵᠢᠶ᠎ᠡ | ᠠᠪᠴᠤ᠂ ᠭᠠᠮᠰᠢᠭᠳᠠᠭᠰᠠᠨ ᠬᠦᠴᠢᠷᠳᠡᠯᠲᠡᠢ ᠤᠯᠠᠨ ᠲᠦᠮᠡᠨ ᠢ ᠪᠦᠬᠦ ᠬᠦᠴᠦᠨ ᠢᠶᠠᠷ ᠢᠶᠠᠨ ᠠᠪᠤᠷᠠᠨ ᠲᠤᠰᠠᠯᠠᠵᠤ᠂ | ᠭᠠᠮᠰᠢᠭᠳᠠᠭᠰᠠᠨ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠬᠡᠷᠡᠭᠲᠡᠢ︔ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠰᠢᠶᠠᠩ ᠪᠠᠯᠭᠠᠰᠤ ᠮᠡᠷᠭᠡᠵᠢᠯ ᠤᠨ ᠠᠵᠢᠯᠲᠠᠨ ᠢ ᠵᠤᠬᠢᠶᠠᠨ | ᠪᠠᠶᠢᠭᠤᠯᠵᠤ᠂ ᠤᠯᠠᠨ ᠲᠦᠮᠡᠨ ᠢ ᠳᠠᠶᠢᠴᠢᠯᠠᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ | ᠠᠵᠢᠯ ᠢ ᠥᠷᠨᠢᠭᠦᠯᠵᠦ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠳᠡᠢ︔ | ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ ᠬᠤᠯᠪᠣᠭᠳᠠᠯ ᠪᠦᠬᠦᠢ ᠱᠠᠭᠠᠷᠳᠠᠯᠭ᠎ᠠ ᠪᠠ ᠪᠠᠷᠢᠮᠵᠢᠶ᠎ᠠ | ᠶᠣᠰᠣᠭᠠᠷ᠂ ᠭᠠᠮᠰᠢᠭᠳᠠᠭᠰᠠᠨ ᠲᠠᠷᠢᠮᠠᠯ ᠤᠨ ᠬᠤᠬᠢᠷᠠᠯ ᠢ ᠲᠣᠭᠲᠠᠭᠠᠨ ᠲᠥᠯᠥᠬᠦ ᠠᠵᠢᠯ ᠢ ᠳᠠᠷᠦ᠋ᠢᠬᠠᠨ ᠥᠷᠨᠢᠭᠦᠯᠵᠦ᠂ | ᠣᠯᠠᠨ ᠲᠦᠮᠡᠨ ᠤ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠳᠡᠢ︔ | | ᠴᠠᠭ ᠠᠭᠤᠷ ᠤᠨ ᠰᠠᠯᠠᠭ᠎ᠠ ᠮᠥᠴᠢᠷ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠤᠷᠢᠳᠴᠢᠯᠠᠨ | ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠠᠵᠢᠯ ᠢᠶᠠᠨ ᠴᠢᠩᠭᠠᠳᠬᠠᠵᠤ᠂ ᠲᠦᠢᠯ ᠤᠨ ᠮᠠᠭᠤ ᠴᠠᠭ ᠠᠭᠤᠷ ᠤᠨ | ᠬᠤᠯᠪᠣᠭᠳᠠᠯ ᠪᠦᠬᠦᠢ ᠮᠡᠳᠡᠯᠭᠡ ᠶᠢ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ | ᠠᠶᠤᠯᠭᠦᠶ ᠶᠢᠨ ᠠᠳᠡᠯ ᠢ ᠪᠦᠲᠦᠮᠵᠢᠲᠡᠶ ᠰᠡᠷᠭᠡᠶᠢᠯᠡᠨ ᠬᠤᠷᠢᠬᠯᠠᠬᠤ ᠬᠡᠷᠡᠭᠳᠡᠢ︔ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠨᠤᠭ ᠲᠥᠬᠦᠭᠡᠷᠦᠮᠵᠢ ᠡᠳ᠋ ᠪᠠᠷᠠᠭ᠎ᠠ | ᠨᠥᠭᠡᠴᠡᠯᠡᠨ ᠲᠣᠬᠢᠷᠠᠭᠤᠯᠬᠤ ᠪᠠᠨ ᠴᠢᠩᠭᠠᠳᠬᠠᠵᠤ᠂ ᠴᠠᠭ ᠠᠭᠤᠷ ᠤᠨ ᠭᠠᠮᠰᠢᠭ ᠭᠠᠷᠬᠤ ᠦᠶ᠎ᠡ ᠳᠤ ᠥᠷᠭᠡᠨ ᠣᠯᠠᠨ | ᠲᠠᠷᠢᠶᠠᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠬᠡᠵᠦ | ᠱᠠᠭᠠᠷᠳᠠᠪᠠ᠃ | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |