ᠸᠠᠩ ᠵᠧᠨ ᠬᠠᠢ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2020-07-17
    7 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠨᠠᠷ ᠮᠠᠨ ᠤ ᠬᠤᠲᠠ ᠶᠢᠨ ᠦᠪᠡᠷᠳᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠲᠤᠬᠠᠶ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ ᠵᠢᠶ ᠴᠦᠨ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃
   ᠸᠠᠩ ᠵᠧᠨ ᠬᠠᠢ ᠨᠠᠷ ᠤᠷᠢᠳ ᠬᠤᠵᠢᠳ ᠺᠠᠢ ᠳ᠋ᠢ ᠰᠧ ᠬᠤᠳᠠᠯᠳᠤᠭᠠᠨ ᠤ ᠲᠠᠯᠠᠪᠤᠷ᠂ ᠬᠤᠸᠠ ᠯᠢᠨ ᠬᠡᠲᠦ ᠳᠡᠯᠭᠡᠭᠦᠷ᠂ ᠠᠵᠦ ᠦᠢᠯᠡᠳᠪᠦᠷᠢ ᠶᠢᠨ ᠪᠠᠩᠬᠢ᠂ ᠳᠤᠮᠳᠠᠳᠤ ᠤᠯᠤᠰ ᠤᠨ ᠪᠠᠩᠬᠢ᠂ ᠥᠪᠥᠷ ᠮᠣᠩᠭᠤᠯ ᠤᠨ ᠪᠠᠩᠬᠢ᠂ ᠨᠣᠮ ᠤᠨ ᠰᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠡᠦ ᠼᠠᠩ ᠵᠡᠭᠡᠯᠢ ᠶᠢᠨ ᠪᠠᠭ᠎ᠠ ᠰᠤᠷᠭᠠᠭᠤᠯᠢ᠂ ᠰᠢᠨᠬᠤᠸᠠ ᠨᠣᠮ ᠤᠨ ᠳᠡᠯᠭᠡᠭᠦᠷ᠂ ᠰᠣᠶᠣᠯ ᠤᠨ ᠣᠷᠳᠣᠨ᠂ ᠮᠠᠰᠢᠨ ᠲᠡᠷᠭᠡᠨ ᠤ ᠦᠷᠳᠡᠭᠡ᠂ ᠭᠠᠯᠲᠤ ᠲᠡᠷᠭᠡᠨ ᠦᠷᠳᠡᠭᠡ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠴᠡᠭᠴᠡᠯᠡᠨ ᠵᠠᠰᠠᠯᠲᠠ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ᠂ ᠰᠣᠶᠣᠯ ᠤᠨ ᠠᠵᠢᠯᠯᠠᠭ᠎ᠠ ᠶᠢᠨ ᠲᠠᠯᠠᠪᠠᠢ ᠣᠷᠳᠣᠨ ᠤ ᠪᠠᠶᠢᠷᠢᠯᠠᠭᠤᠯᠤᠯᠲᠠ᠂ ᠣᠯᠠᠨ ᠲᠦᠮᠡᠨ ᠤ ᠰᠤᠶᠤᠯ ᠤᠨ ᠦᠢᠯᠡᠴᠢᠯᠡᠭᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠯᠵᠤ ᠮᠡᠳᠡᠭᠰᠡᠨ ᠬᠦᠴᠢᠷᠳᠡᠯ ᠪᠠ ᠠᠰᠠᠭᠤᠳᠠᠯ ᠢ ᠨᠢᠭᠡᠳ ᠨᠢᠭᠡ ᠪᠠᠷ ᠡᠮᠬᠢᠯᠡᠵᠦ᠂ ᠭᠦᠨᠵᠡᠭᠡᠶ ᠵᠠᠳᠠᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠬᠡᠷᠡᠭᠲᠡᠶ᠃
   ᠸᠠᠩ ᠵᠧᠨ ᠬᠠᠢ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠨᠢᠭᠡᠨᠲᠡ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠰᠠᠨ ᠪᠣᠯᠪᠠᠴᠤ ᠪᠥᠬᠦ ᠬᠤᠲᠠ ᠶᠢᠨ ᠡᠭᠦᠳᠦᠨ ᠪᠠᠶᠢᠭᠤᠯᠬᠤ ᠠᠵᠢᠯ ᠳᠤ ᠮᠥᠨ ᠬᠦ ᠵᠠᠷᠢᠮ ᠤᠮᠳᠠᠭᠠᠶᠢᠯᠠᠵᠦ ᠪᠣᠯᠤᠰᠢ ᠥᠬᠡᠶ ᠠᠰᠠᠭᠤᠳᠠᠯ ᠣᠷᠣᠰᠢᠵᠤ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠲᠤᠳᠠᠬᠳᠠᠯ ᠢᠶᠠᠨ ᠨᠥᠬᠦᠪᠥᠷᠢᠯᠡᠵᠦ᠂ ᠠᠰᠠᠭᠤᠳᠠᠯ ᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠨᠢᠭᠲᠠ ᠠᠳᠬᠤᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢ ᠴᠢᠩᠭᠠᠳᠬᠠᠵᠦ᠂ ᠬᠤᠲᠠ ᠶᠢᠨ ᠪᠦᠳᠦᠬᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠠᠷᠢᠯᠢᠭᠵᠢᠭᠤᠯᠤᠬᠰᠠᠨ ᠵᠢᠷᠤᠮᠵᠢᠭᠰᠠᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠡᠶ᠃ ᠠᠷᠠᠳ ᠣᠯᠠᠨ ᠤ ᠵᠣᠯ ᠵᠢᠷᠭᠠᠯᠲᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃
 
  ᠸᠠᠩ ᠵᠧᠨ ᠬᠠᠢ ᠴᠢᠬᠤᠯᠠᠴᠢᠯᠠᠭᠰᠠᠨ ᠨᠢ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠨᠢ ᠡᠭᠦᠷᠢᠳᠡ ᠵᠤᠭᠰᠤᠰᠢ ᠦᠬᠡᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠪᠣᠯᠪᠠᠰᠤᠨ ᠤ ᠳᠦᠷᠢ ᠲᠥᠷᠬᠦ ᠪᠠ ᠣᠯᠠᠨ ᠲᠦᠮᠡᠨ ᠤ ᠦᠨᠡᠨ ᠬᠦ ᠲᠥᠷᠥᠭᠳᠡᠯ ᠢ ᠨᠥᠯᠥᠭᠡᠯᠡᠬᠦ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠬᠤᠲᠠ ᠶᠢᠨ ᠪᠣᠯᠪᠠᠰᠤᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠶᠢᠨ ᠰᠢᠨ᠎ᠡ ᠶᠢ ᠡᠭᠦᠳᠬᠦ ᠰᠣᠶᠣᠯ ᠤᠨ ᠠᠯᠪᠠᠨ ᠭᠡᠷ ᠨᠢ ᠬᠦᠰᠦᠨᠦᠭᠲᠦ ᠲᠠᠢ ᠬᠠᠷᠢᠴᠠᠭᠤᠯᠤᠨ ᠦᠨᠡᠯᠡᠬᠦ ᠰᠢᠰᠲ᠋ᠧᠮ ᠢ ᠴᠢᠩᠭ᠎ᠠ ᠬᠠᠷᠭᠤᠭᠤᠯᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠡᠯ᠎ᠡ ᠵᠦᠢᠯ ᠤᠨ ᠡᠭᠦᠳᠦᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠭᠦᠷᠭᠡ ᠶᠢᠨ ᠵᠠᠩᠭᠢᠯᠠᠭ᠎ᠠ ᠶᠢᠨ ᠴᠡᠭ ᠶᠣᠰᠣᠭᠠᠷ᠂ ᠨᠢᠭᠡ ᠨᠢᠭᠡ ᠭᠤᠭᠴᠤᠭ᠎ᠠ ᠪᠠᠷ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠬᠤᠭᠤᠴᠠᠭ᠎ᠠ ᠶᠣᠰᠣᠭᠠᠷ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠳᠤᠯᠠᠨ᠎ᠠ᠃ ᠪᠦᠬᠦ ᠬᠤᠲᠠ ᠳᠠᠶᠠᠭᠠᠷ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠦ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠡᠯ᠎ᠡ ᠲᠠᠯ᠎ᠠ ᠶᠢᠨ ᠬᠤᠯᠪᠣᠭᠠᠯᠠᠨ ᠬᠥᠳᠡᠯᠦᠯᠴᠡᠭᠰᠡᠨ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃
                     ᠵᠣᠬᠢᠶᠠᠭᠴᠢ᠄ ᠵᠧᠤ ᠱᠣᠤ ᠬᠤᠸᠠ                      ᠤᠷᠴᠢᠭᠤᠯᠤᠬᠴᠢ᠄ ᠼᠦᠢ  ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3