| ᠲᠦᠷᠦᠭᠦᠬᠡᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠮᠳᠤᠷᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠠᠶᠢᠴᠠᠭᠠᠬᠤ | ᠠᠵᠢᠯᠯᠠᠭ᠎ᠠ ᠶᠢ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠪᠠᠶᠢᠩᠭᠤ ᠶᠢᠨ ᠳᠡᠳ᠋ ᠬᠤᠲᠠᠶᠢᠨ ᠳᠠᠷᠤᠭ᠎ᠠ ᠵᠠᠩ ᠬᠤᠩ ᠤᠷᠢᠯᠭ᠎ᠠ ᠪᠠᠷ ᠠᠵᠢᠯᠯᠠᠭ᠎ᠠ ᠳᠤ ᠣᠷᠣᠯᠴᠠᠪᠠ᠃ | ᠡᠨᠡ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠨᠢ ᠭᠤᠤᠯᠳᠠᠭᠤ ᠰᠤᠷᠭᠠᠭᠤᠯᠢ ᠶᠢᠨ ᠬᠦᠷᠢᠶᠡᠨ ᠤ ᠡᠷᠭᠢᠨ | ᠲᠤᠭᠤᠷᠢᠨ ᠤ ᠬᠡᠲᠦ ᠳᠡᠯᠭᠡᠭᠦᠷ᠂ ᠨᠣᠮ ᠤᠨ ᠳᠡᠯᠭᠡᠭᠦᠷ ᠲᠤ ᠠᠷᠢᠬᠢ ᠲᠠᠮᠠᠬᠢ᠂ ᠬᠤᠷᠢᠭᠠᠲᠠᠶ ᠬᠢᠲᠤᠭ᠎ᠠ᠂ ᠬᠠᠤᠯᠢ | ᠪᠤᠰᠤ ᠬᠡᠪᠯᠡᠭᠳᠡᠬᠦᠨ ᠵᠡᠷᠭᠡ ᠰᠤᠷᠤᠭᠴᠢᠳ ᠤᠨ ᠰᠡᠳᠬᠢᠴᠡ ᠪᠠ ᠪᠡᠶ᠎ᠡ ᠶᠢᠨ ᠡᠷᠡᠭᠦᠯ ᠮᠡᠨᠳᠦ ᠳᠤ ᠠᠰᠢᠭ ᠥᠬᠡᠶ ᠲᠠᠸᠠᠷ | ᠪᠠᠶᠢᠬᠤ ᠡᠰᠡᠬᠦ︔ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠳᠤ ᠰᠦᠯᠵᠢᠶᠡᠨ ᠤ ᠪᠠᠭᠠᠷ᠂ ᠲᠣᠭᠯᠠᠭᠠᠮ ᠤᠨ | ᠲᠢᠩᠬᠢᠮ᠂ KTV᠂ ᠨᠠᠰᠤᠨ ᠳᠤ ᠬᠦᠷᠦᠭᠰᠡᠳ ᠤᠨ ᠬᠡᠷᠡᠭᠰᠡᠯ ᠤᠨ ᠳᠡᠯᠭᠡᠭᠦᠷ ᠵᠡᠷᠭᠡ ᠰᠤᠷᠤᠭᠴᠢᠳ ᠤᠨ ᠡᠷᠡᠭᠦᠯ ᠢᠶᠠᠷ | ᠦᠰᠦᠨ ᠪᠤᠶᠢᠵᠢᠬᠤ ᠳᠤ ᠠᠰᠢᠭ ᠦᠭᠡᠢ ᠭᠠᠵᠠᠷ ᠪᠠᠶᠢᠬᠤ ᠡᠰᠡᠬᠦ︔ ᠪᠠᠶᠢᠷᠢ ᠶᠢᠨ ᠳᠣᠲᠣᠨ᠎ᠠ ᠭᠠᠳᠠᠨᠠᠬᠢ ᠬᠢᠨᠠᠨ | ᠡᠵᠡᠮᠳᠡᠬᠦ ᠲᠥᠬᠦᠭᠡᠷᠦᠮᠵᠢ ᠶᠢ ᠪᠠᠶᠢᠴᠠᠭᠠᠨ ᠦᠵᠡᠵᠦ᠂ ᠪᠠᠶᠢᠷᠢ ᠶᠢᠨ ᠬᠠᠮᠢᠶᠠᠷᠤᠯᠲᠠ ᠶᠢᠨ ᠠᠵᠢᠯᠲᠠᠨ ᠤ ᠳᠠᠩᠰᠠᠯᠠᠯ | ᠵᠢᠴᠢ ᠡᠯᠰᠡᠵᠦ ᠬᠡᠷᠡᠭᠯᠡᠭᠰᠡᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠡᠮᠦᠨ᠎ᠡ ᠰᠠᠯᠠᠭ᠎ᠠ᠂ ᠮᠠᠭᠤ ᠶᠠᠪᠤᠳᠠᠯ ᠵᠢᠴᠢ | ᠮᠠᠭᠤ ᠳᠤᠷᠠᠰᠢᠯ ᠲᠠᠢ ᠬᠥᠮᠦᠰ ᠢ ᠡᠯᠰᠡᠵᠦ ᠬᠡᠷᠡᠭᠯᠡᠭᠰᠡᠨ ᠡᠰᠡᠬᠦ᠂ ᠪᠠᠰᠠ ᠰᠤᠷᠭᠠᠨ ᠬᠥᠮᠦᠵᠢᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠪᠣᠯᠤᠨ ᠰᠤᠷᠭᠠᠭᠤᠯᠢ ᠶᠢᠨ ᠲᠠᠯ᠎ᠠ ᠶᠢᠨ ᠬᠢᠨ ᠪᠠᠭᠰᠢ ᠠᠵᠢᠯᠲᠠᠨ ᠤ ᠬᠠᠮᠢᠶᠠᠷᠤᠯᠲᠠ ᠪᠠᠨ | ᠦᠷᠭᠦᠯᠵᠢᠯᠡᠨ ᠴᠢᠩᠭᠠᠳᠬᠠᠵᠤ᠂ ᠣᠷᠣᠬᠤ ᠪᠣᠭᠤᠮᠲᠠ ᠶᠢ ᠴᠢᠩᠭ᠎ᠠ ᠠᠳᠬᠤᠵᠤ ᠲᠦᠷ ᠴᠠᠭ ᠤᠷᠢᠨ ᠬᠡᠷᠡᠭᠯᠡᠬᠦ | ᠬᠥᠮᠦᠰ ᠤᠨ ᠵᠥᠪᠰᠢᠶᠡᠷᠡᠨ ᠣᠷᠣᠭᠤᠯᠬᠤ ᠤᠯᠤᠰ ᠲᠥᠷᠥ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠬᠢᠷᠢ | ᠲᠡᠩᠴᠡᠬᠦ ᠦᠭᠡᠢ ᠬᠥᠮᠦᠰ ᠤᠨ ᠪᠠᠶᠢᠷᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠳᠤ ᠣᠷᠣᠬᠤ ᠶᠢ ᠡᠷᠡᠰ | ᠬᠤᠷᠢᠭᠯᠠᠬᠤ ᠬᠡᠷᠡᠭᠲᠡᠶ᠃ | | ᠢᠯᠭᠠᠷᠠᠭᠤᠯᠤᠨ ᠪᠠᠶᠢᠴᠠᠭᠠᠬᠤ ᠪᠠᠷ ᠳᠠᠮᠵᠢᠭᠤᠯᠤᠨ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ | ᠦᠰᠦᠨ ᠪᠤᠶᠢᠵᠢᠬᠤ ᠳᠤ ᠰᠠᠶᠢᠨ ᠰᠠᠶᠢᠬᠠᠨ ᠬᠠᠤᠯᠢ ᠴᠠᠭᠠᠵᠠ ᠶᠢᠨ ᠬᠠᠮᠠᠭᠠᠯᠠᠯᠲᠠ ᠪᠠ ᠬᠠᠤᠯᠢ ᠪᠠᠷ ᠵᠠᠰᠠᠬᠤ ᠣᠷᠴᠢᠨ | ᠨᠥᠬᠦᠴᠡᠯ ᠢ ᠬᠠᠩᠭᠠᠨ᠎ᠠ᠃ | ᠵᠣᠬᠢᠶᠠᠭᠴᠢ᠄ ᠹᠠᠨ ᠫᠧᠩ ᠴᠧᠩ | ᠤᠷᠴᠢᠭᠤᠯᠤᠬᠴᠢ᠄ ᠼᠦᠢ ᠶᠢᠩ |