| ᠠᠶᠤᠯᠲᠠᠶ ᠬᠢᠮᠢ ᠶᠢᠨ ᠪᠣᠳᠠᠰ ᠤᠨ ᠲᠤᠰᠬᠠᠶ ᠲᠡᠷᠭᠡᠨ ᠵᠣᠭᠰᠣᠭᠠᠯ ᠤᠨ ᠠᠮᠤᠷ ᠲᠦᠪᠰᠢᠨ ᠢ ᠪᠠᠳᠤᠯᠠᠵᠦ᠂ ᠲᠡᠷᠭᠡᠨ | ᠵᠣᠭᠰᠣᠭᠠᠯ ᠤᠨ ᠠᠵᠢᠯᠲᠠᠳ ᠪᠣᠯᠤᠨ ᠪᠠᠴᠢᠮ ᠪᠠᠶᠢᠳᠠᠯ ᠢ ᠠᠷᠭᠠᠴᠠᠬᠤ ᠠᠵᠢᠯᠲᠠᠳ ᠤᠨ ᠡᠯ᠎ᠡ ᠲᠥᠷᠥᠯ ᠤᠨ ᠭᠡᠨᠡᠳᠲᠡ ᠶᠢᠨ | ᠠᠳᠡᠯ ᠢ ᠰᠡᠷᠭᠡᠶᠢᠯᠡᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠡᠨᠡᠳᠳᠡ ᠶᠢᠨ ᠠᠳᠡᠯ ᠠᠴᠠ ᠪᠣᠯᠵᠤ ᠬᠥᠮᠦᠨ | ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠪᠠ ᠪᠠᠭᠠᠰᠬᠠᠵᠦ | ᠂ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨ ᠪᠣᠯᠭᠠᠨ | ᠲᠡᠭᠦᠯᠳᠡᠷᠵᠢᠬᠦᠯᠬᠦ ᠶᠢᠨ ᠲᠦᠯᠦᠬᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠤᠯᠢ︾᠂ ︽ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾ | ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠵᠠᠮ ᠬᠠᠷᠢᠯᠴᠠᠭᠠᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠲᠦᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠶᠢᠨ | ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠳᠠ ᠶᠢᠨ ᠰᠠᠯᠪᠤᠷᠢ ᠠᠩᠭᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ 120 ᠲᠦᠷᠭᠡᠨ | ᠠᠪᠤᠷᠠᠯᠳᠠ ᠶᠢᠨ ᠲᠥᠪ᠂ ᠳ᠋ᠦᠸᠧ ᠭᠤᠸᠠᠩ ᠰᠠᠭᠠᠳ ᠠᠷᠢᠯᠭᠠᠬᠤ ᠺᠣᠮᠫᠠᠨᠢ ᠪᠠ ᠰᠢᠨ ᠴᠤᠤ ᠲᠡᠭᠡᠭᠡᠪᠦᠷᠢ ᠶᠢᠨ ᠬᠢᠵᠠᠭᠠᠷᠲᠤ | ᠺᠣᠮᠫᠠᠨᠢ 7 ᠰᠠᠷ᠎ᠠ ᠶᠢᠨ 14 ᠤ ᠡᠳᠦᠷ ᠹᠧᠩᠵᠧᠨ ᠬᠤᠲᠠ ᠶᠢᠨ ᠰᠢᠨ ᠴᠤᠤ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠶᠢᠨ | ᠠᠶᠤᠯᠲᠠᠶ ᠪᠣᠳᠠᠰ ᠤᠨ ᠲᠤᠰᠬᠠᠶ ᠲᠡᠷᠭᠡᠨ ᠵᠣᠭᠰᠣᠭᠠᠯ ᠳᠤ ᠭᠡᠨᠡᠳᠲᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠬᠢᠪᠠ᠃ | | ᠰᠣᠷᠢᠯᠲᠠ ᠳᠤ ᠵᠢᠯᠣᠭᠤᠳᠬᠤ ᠳᠤᠭᠤᠶᠢᠯᠠᠩ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠳᠤᠭᠤᠶᠢᠯᠠᠩ᠂ ᠰᠢᠷᠬᠠᠲᠠᠨ ᠢ | ᠠᠪᠤᠷᠠᠬᠤ ᠳᠤᠭᠤᠶᠢᠯᠠᠩ᠂ ᠠᠳᠡᠯ ᠢ ᠰᠢᠢᠳᠪᠦᠷᠢᠯᠡᠬᠦ ᠳᠤᠭᠤᠶᠢᠯᠠᠩ ᠪᠣᠯᠤᠨ ᠲᠤᠬᠠᠶ ᠶᠢᠨ ᠲᠠᠯᠠᠪᠠᠶ ᠶᠢᠨ ᠰᠡᠷᠭᠡᠶᠢᠯᠡᠯᠳᠡ ᠶᠢᠨ | ᠳᠤᠭᠤᠶᠢᠯᠠᠩ ᠵᠡᠷᠭᠡ ᠲᠤᠰ ᠲᠤᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠵᠦ᠂ ᠤᠷᠢᠳᠴᠢᠯᠠᠨ ᠲᠣᠬᠢᠷᠠᠭᠤᠯᠤᠭᠰᠠᠨ | ᠵᠦᠢᠯ ᠢᠯᠭᠠᠯ ᠶᠣᠰᠣᠭᠠᠷ᠂ ᠠᠶᠤᠯ ᠲᠦᠭᠰᠢᠭᠦᠷᠢᠲᠦ ᠪᠠᠶᠢᠳᠠᠯ ᠢ ᠦᠳᠲᠡᠷ ᠲᠦᠷᠭᠡᠨ ᠰᠢᠢᠳᠪᠦᠷᠢᠯᠡᠵᠦ᠂ ᠲᠤᠰ ᠲᠤᠰ ᠤᠨ | ᠠᠵᠢᠯ ᠤᠨ ᠡᠭᠦᠷᠭᠡ ᠪᠠᠨ ᠡᠮᠬᠢ ᠴᠡᠭᠴᠡ ᠲᠠᠢ ᠪᠡᠶᠡᠯᠡᠭᠦᠯᠵᠦ᠂ ᠰᠣᠷᠢᠯᠲᠠ ᠶᠢᠨ ᠵᠢᠱᠢᠭᠰᠡᠨ ᠬᠠᠷᠠᠯᠲᠠ ᠲᠠᠭᠠᠨ ᠬᠦᠷᠦᠭᠰᠡᠨ | ᠪᠠᠶᠢᠨ᠎ᠠ᠃ ᠡᠨᠡ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠷ ᠳᠠᠮᠵᠢᠨ᠂ ᠠᠵᠢᠯᠲᠠᠳ ᠪᠣᠯᠤᠨ ᠪᠠᠴᠢᠮ | ᠪᠠᠶᠢᠳᠠᠯ ᠢ ᠠᠷᠭᠠᠴᠠᠬᠤ ᠬᠥᠮᠦᠰ ᠤᠨ ᠡᠯ᠎ᠡ ᠲᠥᠷᠥᠯ ᠤᠨ ᠭᠡᠨᠡᠳᠲᠡ ᠶᠢᠨ ᠠᠳᠡᠯ ᠢ ᠤᠷᠢᠳᠴᠢᠯᠠᠨ ᠰᠡᠷᠭᠡᠶᠢᠯᠡᠬᠦ ᠪᠠ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠳᠤ ᠰᠡᠷᠡᠮᠵᠢᠯᠡᠭᠦᠯᠬᠦ ᠦᠢᠯᠡᠳᠦᠯ | ᠦᠵᠡᠭᠦᠯᠦᠭᠰᠡᠨ ᠪᠠ ᠣᠯᠠᠨ ᠲᠦᠮᠡᠨ ᠤ ᠠᠮᠤᠷ ᠲᠦᠪᠰᠢᠨ ᠪᠠ ᠰᠡᠷᠭᠡᠶᠢᠯᠡᠬᠦ ᠤᠬᠠᠮᠰᠠᠷ ᠢ ᠨᠡᠮᠡᠭᠳᠡᠭᠦᠯᠪᠡ᠃ | | | | ᠰᠣᠷᠢᠯᠲᠠ ᠳᠠᠭᠤᠰᠤᠭᠰᠠᠨ ᠤ ᠳᠠᠷᠠᠭ᠎ᠠ᠂ ᠰᠢᠨ ᠴᠤᠤ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠪᠠᠰᠠ ᠲᠤᠰᠬᠠᠶ ᠬᠤᠷᠠᠯ | ᠬᠤᠷᠠᠯᠳᠤᠭᠤᠯᠵᠤ᠂ ᠲᠤᠰ ᠤᠳᠠᠭᠠᠨ ᠤ ᠰᠣᠷᠢᠯᠲᠠ ᠳᠤ ᠦᠨᠡᠯᠡᠨ ᠵᠢᠱᠢᠯᠲᠡ ᠬᠢᠵᠦ᠂ ᠲᠤᠰ ᠤᠳᠠᠭᠠᠨ ᠤ ᠰᠣᠷᠢᠯᠲᠠ ᠳᠤ | ᠣᠷᠣᠯᠴᠠᠭᠰᠠᠨ ᠨᠢᠬᠡᠴᠡ ᠶᠢᠨ ᠲᠤᠰ ᠤᠳᠠᠭᠠᠨ ᠤ ᠰᠣᠷᠢᠯᠲᠠ ᠵᠢᠴᠢ ᠰᠢᠢᠳᠪᠦᠷᠢᠯᠡᠭᠰᠡᠨ ᠦᠷ᠎ᠡ ᠪᠦᠲᠦᠮᠵᠢ ᠶᠢᠨ ᠲᠤᠬᠠᠶ | ᠰᠠᠨᠠᠭᠤᠯᠭ᠎ᠠ ᠪᠠ ᠰᠠᠨᠠᠯ ᠢ ᠰᠣᠨᠣᠰᠴᠤ᠂ ᠬᠡᠷᠡᠭ ᠤᠨ ᠵᠢᠱᠢᠶ᠎ᠡ ᠠᠳᠡᠯ ᠤᠨ ᠳᠤᠮᠳᠠᠬᠢ ᠰᠤᠷᠭᠠᠮᠵᠢ ᠶᠢ ᠳ᠋ᠦᠩᠨᠡᠵᠦ᠂ | ᠬᠦᠷᠦᠯᠴᠡᠬᠦ ᠦᠭᠡᠢ ᠭᠠᠵᠠᠷ ᠲᠠᠭᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠰᠣᠷᠢᠯᠲᠠ ᠶᠢᠨ | ᠡᠮᠦᠨᠡᠬᠢ ᠬᠤᠭᠤᠴᠠᠭᠠᠨ ᠤ ᠬᠡᠰᠡᠭ ᠨᠢ ᠵᠢᠷᠤᠮᠵᠢᠯ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠠᠷᠭ᠎ᠠ ᠮᠠᠶ᠋ᠢᠭ ᠢ | ᠵᠠᠯᠠᠷᠠᠭᠤᠯᠵᠤ᠂ ᠺᠣᠮᠫᠠᠨᠢ ᠶᠢᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠩᠭᠢ ᠶᠢᠨ ᠴᠢᠳᠠᠪᠤᠷᠢ ᠪᠠ ᠬᠢᠷᠢ | ᠲᠦᠪᠰᠢᠨ ᠢ ᠲᠡᠭᠡᠭᠰᠢᠯᠡᠬᠦᠯᠪᠡ᠃ | | ᠵᠣᠬᠢᠶᠠᠭᠴᠢ᠄ ᠳᠠᠳᠤᠯᠭ᠎ᠠ ᠶᠢᠨ ᠰᠤᠷᠪᠤᠯᠵᠢᠯᠠᠭᠴᠢ ᠯᠢᠦ ᠭᠦᠸᠧ ᠭᠧ | ᠤᠷᠴᠢᠭᠤᠯᠤᠬᠴᠢ᠄ ᠼᠦᠢ ᠶᠢᠩ |