| ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 15 ᠤ ᠡᠳᠦᠷ | ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ | ᠲᠣᠪᠴᠢᠶ᠎ᠠ ᠲᠦᠷᠦᠭᠦᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠬᠤᠲᠠ ᠶᠢᠨ | ᠰᠣᠶᠣᠯ ᠤᠨ ᠬᠠᠤᠯᠢ ᠬᠡᠷᠡᠭᠵᠢᠭᠦᠯᠬᠦ ᠶᠡᠭᠡ ᠠᠩᠭᠢ᠂ ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠤᠯᠤᠰ ᠤᠨ ᠠᠮᠤᠷ ᠲᠦᠪᠰᠢᠨ ᠤ ᠶᠡᠭᠡ ᠠᠩᠭᠢ᠂ ᠰᠢᠨ᠎ᠡ ᠬᠤᠲᠠ ᠲᠣᠭᠤᠷᠢᠭ ᠤᠨ ᠬᠡᠷᠡᠭ ᠡᠷᠬᠢᠯᠡᠬᠦ | ᠭᠠᠵᠠᠷ ᠵᠢᠴᠢ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠷᠠᠳᠢᠣ᠋ | ᠲᠧᠯᠸᠢᠰ ᠤᠨ ᠲᠣᠤᠷ ᠰᠦᠯᠵᠢᠶᠡᠨ ᠤ ᠺᠣᠮᠫᠠᠨᠢ ᠵᠡᠷᠭᠡ ᠨᠢᠭᠡᠴᠡ ᠶᠢᠨ ᠰᠠᠯᠠᠭ᠎ᠠ ᠮᠥᠴᠢᠷ᠂ ᠲᠤᠰᠬᠠᠶ ᠬᠥᠮᠦᠨ | ᠲᠤᠮᠢᠯᠠᠨ ᠲᠠᠪᠤᠨ ᠠᠵᠢᠯᠯᠠᠬᠤ ᠳᠤᠭᠤᠶᠢᠯᠠᠩ ᠪᠠᠶᠢᠭᠤᠯᠵᠤ᠂ ᠴᠢᠩ ᠹᠧᠩ ᠳ᠋ᠦᠩ ᠵᠢᠵᠢᠭ ᠲᠣᠭᠤᠷᠢᠭ ᠵᠢᠴᠢ ᠵᠡᠭᠡᠯᠢ | ᠭᠤᠳᠤᠮᠵᠢ ᠶᠢᠨ ᠭᠡᠷ ᠪᠠᠶᠢᠰᠢᠩ ᠢᠶᠠᠷ ᠬᠦᠨᠵᠡᠭᠡᠶᠢᠷᠡᠨ ᠰᠠᠭᠤᠭᠠᠯᠢ ᠠᠷᠠᠳ ᠲᠤ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ ᠬᠢᠬᠦ ᠶᠢᠨ ᠬᠠᠮᠲᠤ ︽ᠳᠠᠭᠠᠭᠤᠯᠢ ᠤᠳᠤᠨ ᠲᠣᠭᠤᠭ᠎ᠠ︾ ᠶᠢ ᠴᠡᠪᠡᠷᠰᠢᠬᠦᠯᠬᠦ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠪᠡ᠃ | | ᠡᠯ᠎ᠡ ᠠᠵᠢᠯᠯᠠᠬᠤ ᠳᠤᠭᠤᠶᠢᠯᠠᠩ ᠨᠢ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ | ᠬᠦᠯᠢᠴᠡᠩᠭᠦᠢ ᠪᠠᠷ ᠲᠠᠶᠢᠯᠪᠤᠷᠢᠯᠠᠵᠤ᠂ ᠥᠷᠭᠡᠨ ᠣᠯᠠᠨ ᠠᠷᠠᠳ ᠲᠦᠮᠡᠨ ᠤ ᠬᠠᠤᠯᠢ ᠠᠴᠠ ᠵᠥᠷᠢᠴᠡᠨ ︽ᠳᠠᠭᠠᠭᠤᠯᠢ | ᠣᠳᠣᠨ ᠲᠣᠭᠤᠭ᠎ᠠ︾ ᠪᠣᠷᠣᠯᠠᠭᠤᠯᠬᠤ ᠪᠠ ᠬᠠᠤᠯᠢ ᠠᠴᠠ ᠵᠥᠷᠢᠴᠡᠨ ︽ᠳᠠᠭᠠᠭᠤᠯᠢ ᠣᠳᠣᠨ ᠲᠣᠭᠤᠭ᠎ᠠ︾ | ᠤᠭᠰᠠᠷᠠᠬᠤ ᠨᠢ ᠬᠤᠲᠠ ᠶᠢᠨ ᠳᠦᠷᠰᠦ ᠪᠠᠶᠢᠳᠠᠯ ᠢ ᠡᠪᠳᠡᠬᠦ ᠮᠥᠷᠲᠡᠭᠡᠨ ᠰᠠᠭᠤᠭᠠᠯᠢ ᠠᠷᠠᠳ ᠤᠨ ᠠᠮᠤᠷ ᠲᠦᠪᠰᠢᠨ ᠢ | ᠬᠤᠬᠢᠷᠠᠭᠤᠯᠬᠤ ᠶᠢᠨ ᠬᠠᠮᠲᠤ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠦᠷᠢᠴᠡᠬᠦ | ᠶᠠᠪᠤᠳᠠᠯ ᠪᠤᠯᠬᠤ ᠶᠢ ᠤᠬᠠᠭᠤᠯᠵᠦ᠂ ᠣᠯᠠᠨ ᠲᠦᠮᠡᠨ ᠢ ᠢᠳᠡᠪᠬᠢᠲᠡᠢ ᠳᠠᠶᠢᠴᠢᠯᠠᠵᠤ ᠪᠠᠶᠢᠭᠠᠳ ᠬᠠᠤᠯᠢ ᠪᠤᠰᠤ ︽ | ᠳᠠᠭᠠᠭᠤᠯᠢ ᠣᠳᠣᠨ ᠲᠣᠭᠤᠭ᠎ᠠ︾ ᠶᠢ ᠴᠡᠪᠡᠷᠰᠢᠬᠦᠯᠬᠦ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ | ᠬᠠᠮᠵᠢᠯᠴᠠᠭᠤᠯᠤᠨ᠎ᠠ᠃ | ᠷᠠᠳᠢᠣ᠋ ᠲᠧᠯᠸᠢᠰ ᠤᠨ ᠲᠣᠤᠷ ᠰᠦᠯᠵᠢᠶᠡᠨ ᠤ ᠹᠧᠩᠵᠧᠨ ᠤ ᠬᠤᠪᠢᠶᠠᠷᠢ ᠺᠣᠮᠫᠠᠨᠢ ᠰᠦᠯᠵᠢᠶᠡᠨ ᠳᠤ ᠣᠷᠣᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠳᠡᠯᠠᠵᠦ᠂ ᠥᠷᠭᠡᠨ ᠣᠯᠠᠨ ᠰᠠᠭᠤᠭᠠᠯᠢ ᠠᠷᠠᠳ ᠤᠨ ᠷᠠᠳᠢᠣ᠋ | ᠲᠧᠯᠸᠢᠰ ᠤᠨ ᠫᠷᠤᠭ᠍ᠷᠠᠮ ᠢ ᠬᠦᠯᠢᠶᠡᠨ ᠠᠪᠴᠤ ᠦᠵᠡᠬᠦ ᠳᠤ ᠠᠰᠢᠭ ᠣᠯᠭᠤᠬᠤ ᠬᠠᠷᠠᠭᠠᠯᠵᠠᠯ ᠦᠵᠡᠭᠦᠯᠵᠦ᠂ | ᠬᠥᠮᠦᠨ ᠤ ᠬᠦᠴᠦ᠂ ᠪᠣᠳᠠᠰ ᠤᠨ ᠬᠦᠴᠦᠨ ᠵᠡᠷᠭᠡ ᠲᠠᠯ᠎ᠠ ᠪᠠᠷ ᠣᠯᠠᠨ ᠲᠦᠮᠡᠨ ᠳᠤ ᠦᠢᠯᠡᠴᠢᠯᠡᠭᠡ ᠬᠠᠩᠭᠠᠨ᠂ | ᠬᠤᠶᠢᠰᠢᠳᠠ ᠶᠢᠨ ᠬᠦᠴᠢᠷ ᠢ ᠠᠷᠢᠯᠭᠠᠵᠦ᠂ ᠴᠡᠪᠡᠷᠯᠡᠨ ᠴᠡᠭᠴᠡᠯᠡᠬᠦ ᠠᠵᠢᠯ ᠢ ᠲᠦᠷᠭᠡᠨ ᠠᠬᠢᠭᠤᠯᠬᠤ ᠳᠤ ᠠᠰᠢᠭᠲᠠᠶ | ᠨᠥᠬᠦᠴᠡᠯ ᠢ ᠡᠭᠦᠳᠪᠡ᠃ | ᠬᠠᠮᠲᠤᠷᠠᠭᠰᠠᠨ ᠠᠵᠢᠯᠯᠠᠬᠤ ᠳᠤᠭᠤᠶᠢᠯᠠᠩ ᠪᠠᠰᠠ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠦ᠂ | ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠬᠡᠷᠡᠭᠵᠢᠭᠦᠯᠦᠨ᠂ ᠬᠠᠤᠯᠢ ᠠᠴᠠ ᠵᠥᠷᠢᠴᠡᠨ ᠳᠠᠭᠠᠭᠤᠯᠢ | ᠣᠳᠣᠨ ᠲᠣᠭᠤᠭ᠎ᠠ ᠤᠭᠰᠠᠷᠠᠬᠤ ᠠᠵᠢᠯᠯᠠᠭ᠎ᠠ ᠶᠢ ᠴᠠᠭ ᠲᠤᠬᠠᠶ ᠳᠤᠨᠢ ᠢᠳᠬᠠᠬᠤ ᠶᠢᠨ ᠬᠠᠮᠲᠤ ᠤᠬᠠᠭᠤᠯᠬᠤ | ᠡᠷᠴᠢᠮ ᠢᠶᠠᠨ ᠴᠢᠩᠭᠠᠳᠬᠠᠵᠦ᠂ ᠥᠷᠭᠡᠨ ᠣᠯᠠᠨ ᠲᠦᠮᠡᠨ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠲᠦᠭᠡᠮᠡᠯᠵᠢᠭᠦᠯᠵᠦ᠂ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠳᠠᠭᠠᠭᠤᠯᠢ ᠣᠳᠣᠨ ᠤ | ᠲᠧᠯᠸᠢᠰ ᠤᠨ ᠬᠦᠯᠢᠶᠡᠨ ᠠᠪᠬᠤ ᠲᠦᠬᠦᠬᠡᠷᠤᠮᠵᠢ ᠶᠢ ᠬᠠᠤᠯᠢ ᠪᠤᠰᠤ ᠪᠠᠷ ᠤᠭᠰᠠᠷᠠᠭᠤᠯᠤᠨ ᠬᠡᠷᠡᠭᠯᠡᠬᠦ ᠶᠢ | ᠤᠬᠠᠮᠰᠠᠷ ᠠᠴᠠ ᠪᠠᠨ ᠡᠰᠡᠷᠭᠦᠴᠡᠨ ᠬᠤᠷᠢᠬᠯᠠᠵᠦ᠂ ︽ᠣᠷᠴᠢᠨ ᠲᠣᠭᠤᠷᠢᠨ ᠴᠡᠪᠡᠷ ᠲᠡᠭᠰᠢ᠂ ᠠᠭᠤᠷ ᠠᠮᠢᠰᠬᠤᠯ | ᠰᠢᠨ᠎ᠡ ᠰᠣᠷᠭᠤᠭ᠂ ᠪᠣᠯᠪᠠᠰᠤᠨ ᠡᠮᠬᠢ ᠳᠢᠭᠯᠢᠮ ᠲᠠᠢ︾ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ | ᠬᠡᠷᠡᠭᠲᠡᠶ᠃ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠠᠮᠢᠳᠤᠷᠠᠯ ᠤᠨ ᠳᠠᠳᠬᠠᠯ | ᠪᠠ ᠪᠣᠯᠪᠠᠰᠤᠨ ᠤᠬᠠᠮᠰᠠᠷ ᠢ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠦ ᠦᠭᠭᠦᠨ᠎ᠡ᠃ | ᠵᠣᠬᠢᠶᠠᠭᠴᠢ᠄ ᠵᠠᠩ ᠿᠢ ᠵᠢᠤᠸᠠᠨ | ᠤᠷᠴᠢᠭᠤᠯᠤᠬᠴᠢ᠄ ᠼᠦᠢ ᠶᠢᠩ | | |