| 7 ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ ᠨᠠᠷ ᠳ᠋ᠠᠲ᠋ᠦ᠋ᠩ | ᠬᠤᠳᠠ ᠶᠢᠨ ᠰᠢᠨ ᠿᠦᠩ ᠲᠣᠭᠤᠷᠢᠭ ᠲᠤ ᠬᠦᠷᠴᠦ᠂ ᠬᠦᠷᠢᠶᠡᠯᠡᠩ ᠲᠣᠭᠤᠷᠢᠭ ᠤᠨ ᠬᠠᠮᠲᠤᠷᠠᠯᠴᠠᠭᠠᠨ ᠤ ᠲᠤᠬᠠᠢ | ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠳ᠋ᠦᠩ ᠯᠢ᠂ ᠵᠠᠰᠠᠭ ᠤᠨ ᠣᠷᠳᠣᠨ ᠤ ᠳᠡᠳ᠋ ᠬᠤᠲᠠ ᠶᠢᠨ | ᠳᠠᠷᠤᠭ᠎ᠠ ᠭᠦᠸᠧ ᠬᠤᠩ ᠭᠤᠸᠠᠩ᠂ ᠹᠯᠣᠷᠲᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠹᠦ᠋ ᠵᠢᠶᠦ᠋ᠨ ᠸᠧᠨ ᠬᠤᠷᠠᠯ ᠳᠤ ᠣᠷᠣᠯᠴᠠᠪᠠ᠃ | | ᠸᠠᠩ ᠵᠧᠨ ᠬᠠᠢ ᠨᠠᠷ ᠰᠢᠨ ᠿᠦᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠧᠩ ᡁᠢ ᠿᠦᠩ ᠨᠡᠷ ᠤᠨ | ᠪᠠᠷ᠎ᠠ ᠪᠤᠯᠤᠯᠭ᠎ᠠ ᠪᠠᠷ ᠤᠷᠢᠳ ᠬᠤᠵᠢᠳ ᠳ᠋ᠠᠲ᠋ᠦ᠋ᠩ ᠨᠡᠭᠦᠷᠡᠰᠦᠨ ᠠᠭᠤᠷᠬᠠᠢ ᠶᠢᠨ ᠪᠦᠯᠦᠭᠯᠡᠯ ᠤᠨ ᠪᠣᠯᠣᠳ ᠲᠡᠮᠦᠷ ᠤᠨ | ᠬᠢᠵᠠᠭᠠᠷᠲᠤ ᠺᠣᠮᠫᠠᠨᠢ᠂ ᠰᠢᠨ ᠴᠧᠩ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠢᠦᠶ ᠯᠢᠨ | ᠳ᠋ᠧ ᠪᠠᠯ ᠴᠢᠯᠠᠭᠤ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠭᠦᠨ ᠤ ᠪᠣᠷᠣᠯᠠᠭᠤᠯᠭ᠎ᠠ᠂ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠪᠠ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠵᠡᠷᠭᠡ ᠪᠠᠶᠢᠳᠠᠯ ᠢ ᠭᠦᠨᠵᠡᠭᠡᠶ ᠤᠶᠢᠯᠠᠭᠠᠨ᠎ᠠ᠃ | | ᠳᠠᠷᠠᠭ᠎ᠠ ᠨᠢ ᠬᠤᠶᠠᠷ ᠲᠠᠯ᠎ᠠ ᠪᠠᠷ ᠢᠶᠠᠨ ᠶᠠᠷᠢᠯᠴᠠᠬᠤ ᠬᠤᠷᠠᠯ ᠬᠤᠷᠠᠯᠳᠤᠭᠤᠯᠵᠤ᠂ ᠳ᠋ᠠᠲ᠋ᠦ᠋ᠩ ᠬᠤᠲᠠ ᠶᠢᠨ ᠰᠢᠨ ᠿᠦᠩ | ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠤᠯᠠᠭᠠᠨᠴᠠᠪ ᠶᠡᠭᠡ ᠠᠵᠤ ᠦᠢᠯᠡᠰ ᠤᠨ ᠬᠦᠷᠢᠶᠡᠯᠡᠩ ᠢ ᠬᠠᠮᠲᠤᠷᠠᠨ | ᠪᠥᠲᠥᠭᠡᠨ ᠪᠠᠶᠢᠭᠤᠯᠬᠤ ᠬᠠᠮᠲᠤᠷᠠᠯᠴᠠᠭᠠᠨ ᠤ ᠬᠡᠯᠡᠯᠴᠡᠭᠡᠷ ᠤᠨ ᠦᠨᠳᠦᠰᠦᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ | ᠰᠣᠨᠣᠰᠪᠠ᠃ | | ᠳ᠋ᠧᠩ ᡁᠢ ᠿᠦᠩ ᠹᠧᠩᠵᠧᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠢᠨ ᠢ | ᠪᠠᠶᠠᠷᠯᠠᠨ ᠤᠭᠲᠤᠵᠤ ᠪᠠᠶᠢᠭ᠎ᠠ ᠪᠠᠨ ᠢᠯᠡᠳᠬᠡᠪᠡ᠃ ᠲᠡᠷᠡ ᠵᠢᠭᠠᠵᠦ ᠭᠠᠷᠭᠠᠭᠰᠠᠨ ᠨᠢ᠄ ᠣᠷᠣᠨ ᠪᠦᠰᠡ ᠶᠢᠨ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠬᠤ ᠶᠢᠨ | ᠲᠥᠯᠥᠭᠡ᠂ ᠳ᠋ᠠᠲ᠋ᠦ᠋ᠩ ᠬᠤᠲᠠ ᠪᠣᠯᠤᠨ ᠤᠯᠠᠭᠠᠨᠴᠠᠪ ᠬᠤᠲᠠ ᠬᠤᠶᠠᠷ ᠭᠠᠵᠠᠷ ᠤᠨ ᠠᠵᠤ ᠠᠬᠤᠢ ᠶᠢᠨ ᠭᠦᠨ ᠭᠦᠨᠵᠡᠭᠡᠶ ᠡᠶ᠎ᠡ | ᠵᠤᠬᠢᠴᠠᠯ ᠲᠠᠢ ᠪᠠᠶᠢᠬᠤ ᠶᠢ ᠠᠬᠢᠭᠤᠯᠵᠤ᠂ ᠰᠢᠨ ᠿᠦᠩ ᠲᠣᠭᠤᠷᠢᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠪᠣᠯᠤᠨ ᠹᠧᠩᠵᠧᠨ ᠬᠤᠲᠠ ᠶᠢᠨ ᠹᠯᠣᠷᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠬᠤᠶᠠᠷ | ᠲᠠᠯ᠎ᠠ ᠶᠢᠨ ᠪᠣᠯᠪᠠᠰᠤᠷᠠᠩᠭᠤᠶ ᠭᠠᠵᠠᠷ ᠰᠢᠷᠣᠢ᠂ ᠤᠰᠤ᠂ ᠴᠠᠬᠢᠯᠭᠠᠨ᠂ ᠳᠤᠯᠠᠭᠠᠯᠠᠯᠭ᠎ᠠ ᠵᠡᠷᠭᠡ ᠢᠵᠢ ᠪᠦᠷᠢᠳᠦᠭᠦᠯᠬᠦ | ᠲᠥᠬᠦᠭᠡᠷᠦᠮᠵᠢ ᠳᠤ ᠲᠦᠰᠢᠭᠯᠡᠵᠡᠶ᠃ ᠬᠤᠶᠠᠷ ᠭᠠᠵᠠᠷ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ | ᠬᠠᠮᠲᠤᠪᠠᠷ ᠬᠦᠷᠲᠡᠬᠦ ᠶᠢ ᠪᠡᠶᠡᠯᠡᠭᠦᠯᠵᠦ᠂ ᠥᠪᠥᠷ ᠮᠣᠩᠭᠤᠯ ᠱᠠᠨ ᠰᠢ ᠾᠧᠪᠧᠶ ᠶᠢᠨ ︽ᠤᠷᠲᠤ ᠴᠠᠭᠠᠨ ᠬᠡᠷᠡᠮ ᠤᠨ ᠠᠯᠲᠠᠨ | ᠭᠤᠷᠪᠠᠯᠵᠢᠨ ᠬᠤᠰᠢᠭᠤᠨ ᠤ ᠬᠠᠮᠲᠤᠷᠠᠯᠴᠠᠭᠠᠨ ᠤ ᠣᠷᠣᠨ︾ ᠤ ᠵᠢᠱᠢᠶ᠎ᠡ ᠦᠵᠡᠭᠦᠯᠬᠦ ᠣᠷᠣᠨ ᠵᠢᠴᠢ ᠭᠠᠳᠠᠭᠠᠳᠤ | ᠨᠡᠭᠡᠭᠡᠯᠲᠡ ᠶᠢᠨ ᠰᠢᠨ᠎ᠡ ᠥᠨᠳᠦᠷᠯᠢᠭ ᠭᠠᠵᠠᠷ ᠢ ᠬᠦᠴᠦᠯᠡᠨ ᠪᠠᠶᠢᠭᠤᠯᠤᠨ᠎ᠠ᠃ | | ᠸᠠᠩ ᠵᠧᠨ ᠬᠠᠢ ᠢᠯᠡᠷᠬᠡᠶᠢᠯᠡᠬᠦ ᠳᠡᠭᠡᠨ᠂ ᠤᠯᠠᠭᠠᠨᠴᠠᠪ ᠶᠡᠭᠡ ᠠᠵᠤ ᠦᠢᠯᠡᠰ ᠤᠨ ᠬᠦᠷᠢᠶᠡᠯᠡᠩ ᠪᠣᠯ ᠣᠳᠣᠬᠢᠴᠢᠯᠠᠭᠰᠠᠨ | ᠠᠵᠤ ᠠᠬᠤᠶ ᠶᠢᠨ ᠰᠢᠰᠲ᠋ᠧᠮ ᠢ ᠪᠠᠶᠢᠭᠤᠯᠬᠤ ᠪᠠᠷ ᠬᠠᠷᠠᠯᠲᠠ ᠪᠣᠯᠭᠠᠨ᠂ ᠲᠡᠷᠢᠭᠦᠨ ᠤ ᠰᠢᠨ᠎ᠡ ᠮᠠᠲ᠋ᠧᠷᠢᠶᠠᠯ᠂ ᠣᠳᠣ | ᠦᠶ᠎ᠡ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠦᠭᠵᠢᠬᠦᠯᠦᠭᠰᠡᠨ ᠥᠷᠭᠡᠨ | ᠠᠭᠤᠳᠠᠮ ᠬᠥᠭᠵᠢᠯᠲᠡ ᠶᠢᠨ ᠣᠷᠣᠨ ᠵᠠᠢ ᠲᠠᠢ ᠭᠠᠵᠠᠷ ᠪᠤᠯᠤᠨ᠎ᠠ᠃ ᠹᠧᠩᠵᠧᠨ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠲᠤᠷᠠᠨ ᠠᠵᠢᠯᠯᠠᠵᠤ ᠬᠠᠮᠲᠤᠪᠠᠷ | ᠠᠰᠢᠭ ᠬᠦᠷᠲᠡᠬᠦ᠂ ᠬᠠᠷᠢᠯᠴᠠᠨ ᠠᠰᠢᠭᠲᠠᠢ ᠪᠠᠶᠢᠬᠤ ᠵᠠᠷᠴᠢᠮ ᠢ ᠪᠠᠷᠢᠮᠲᠠᠯᠠᠨ᠂ ᠬᠤᠶᠠᠷ ᠲᠠᠯ᠎ᠠ ᠶᠢᠨ ᠨᠡᠪᠲᠡᠷᠡᠯᠴᠡᠭᠡ | ᠶᠠᠷᠢᠯᠴᠠᠭ᠎ᠠ ᠶᠢ ᠴᠢᠩᠭᠠᠳᠬᠠᠵᠤ᠂ ᠬᠠᠮᠲᠤ ᠪᠠᠷ ᠵᠥᠪᠳᠡᠬᠦ ᠬᠠᠮᠲᠤ ᠪᠠᠷ ᠠᠰᠢᠭ ᠬᠦᠷᠲᠡᠬᠦ ᠰᠠᠶᠢᠨ ᠰᠠᠶᠢᠬᠠᠨ ᠪᠠᠶᠢᠳᠠᠯ ᠢ | ᠪᠡᠶᠡᠯᠡᠬᠦᠯᠦᠨ᠂ ᠳ᠋ᠠᠲ᠋ᠦ᠋ᠩ ᠬᠤᠲᠠ ᠶᠢᠨ ᠰᠢᠨ ᠿᠦᠩ ᠲᠣᠭᠤᠷᠢᠭ ᠤᠨ ᠨᠠᠮ ᠤᠨ ᠬᠤᠷᠢᠶ᠎ᠠ᠂ ᠣᠷᠣᠨ ᠤ ᠵᠠᠰᠠᠭ ᠤᠨ | ᠣᠷᠳᠣᠨ ᠤ ᠬᠦᠴᠦᠲᠡᠶ ᠳᠡᠮᠵᠢᠯᠭᠡ ᠳᠣᠣᠷ᠎ᠠ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠯᠠᠪᠲᠠᠢ ᠡᠯᠪᠡᠭ ᠪᠠᠶᠠᠯᠢᠭ ᠦᠷ᠎ᠡ | ᠪᠦᠲᠦᠭᠡᠯ ᠣᠯᠵᠤ ᠴᠢᠳᠠᠨ᠎ᠠ᠃ | ᠵᠣᠬᠢᠶᠠᠭᠴᠢ᠄ ᠵᠧᠤ ᠱᠣᠤ ᠬᠤᠸᠠ | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |