| 7 ᠰᠠᠷ᠎ᠠ ᠶᠢᠨ 16 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠵᠠᠩ ᠵᠢᠶᠦ᠋ᠨ ᠲᠤᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ | ᠪᠦᠷᠢᠯᠳᠦᠬᠦᠨ ᠵᠢᠴᠢ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠪᠦᠷᠢᠯᠳᠦᠭᠰᠡᠨ | ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠾᠧᠢ ᠲᠤ ᠲᠠᠢ ᠪᠠᠯᠭᠠᠰᠤᠨ ᠤ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ | | ᠪᠠᠶᠢᠴᠠᠭᠠᠨ ᠰᠤᠳᠤᠯᠬᠤ ᠳᠤᠭᠤᠶᠢᠯᠠᠩ ᠾᠧᠢ ᠲᠤ ᠲᠠᠢ ᠪᠠᠯᠭᠠᠰᠤᠨ ᠤ ᠳ᠋ᠤᠸᠠᠨ ᠵᠢᠶᠠ ᠶᠢᠩ ᠵᠠᠰᠠᠭ ᠵᠠᠬᠢᠷᠭᠠᠨ ᠤ | ᠲᠤᠰᠬᠤᠨ᠂ ᠳ᠋ᠢᠶᠠᠨ ᠴᠢᠩ ᠮᠢᠶᠣᠣ ᠵᠠᠰᠠᠭ ᠵᠠᠬᠢᠷᠭᠠᠨ ᠤ ᠲᠣᠰᠬᠤᠨ ᠳᠤ ᠬᠦᠷᠴᠦ᠂ ᠲᠤᠬᠠᠶ ᠶᠢᠨ ᠲᠠᠯᠠᠪᠤᠷ ᠲᠤ ᠬᠠᠷᠢᠭᠤ | ᠮᠡᠳᠡᠭᠦᠯᠦᠯᠲᠡ ᠰᠣᠨᠣᠰᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠲᠠᠮᠵᠢᠨ᠂ | ᠬᠥᠳᠡᠭᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ | ᠵᠣᠷᠯᠣᠩ ᠢ ᠥᠭᠡᠷᠡᠴᠢᠯᠡᠬᠦ᠂ ᠰᠣᠶᠣᠯ ᠤᠨ ᠥᠷᠲᠡᠭᠡ ᠶᠢᠨ ᠪᠥᠲᠥᠭᠡᠨ ᠪᠠᠶᠢᠭᠤᠯᠤᠯᠳᠠ ᠵᠡᠷᠭᠡ ᠠᠯᠢ ᠣᠯᠠᠨ ᠠᠵᠢᠯ ᠤᠨ | ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ | | ᠪᠠᠶᠢᠴᠠᠭᠠᠨ ᠰᠤᠳᠤᠯᠬᠤ ᠳᠤᠭᠤᠶᠢᠯᠠᠩ ᠵᠡᠭᠡᠯᠢ ᠭᠤᠳᠤᠮᠵᠢ ᠪᠠᠷ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ | ᠲᠥᠯᠥᠭᠡᠯᠡᠭᠴᠢᠳ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠦ᠂ | ᠡᠯ᠎ᠡ ᠵᠠᠰᠠᠭ ᠵᠠᠬᠢᠷᠭᠠᠨ ᠤ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠳᠤᠮᠳᠠᠬᠢ ᠭᠢᠯᠠᠰ | ᠴᠡᠭ ᠢ ᠭᠦᠢᠴᠡᠳ ᠨᠤᠲᠠᠯᠠᠪᠠ᠃ ᠣᠷᠣᠰᠢᠵᠤ ᠪᠠᠶᠢᠭ᠎ᠠ ︽ᠪᠤᠵᠠᠷ᠂ ᠡᠮᠬᠢ ᠦᠬᠡᠢ᠂ ᠪᠠᠷᠤᠭᠲᠠᠶ︾ ᠵᠡᠷᠭᠡ ᠠᠰᠠᠭᠤᠳᠠᠯ ᠳᠤ | ᠰᠠᠨᠠᠭᠤᠯᠭ᠎ᠠ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠪᠠ᠃ | | ᠪᠠᠶᠢᠴᠠᠭᠠᠨ ᠰᠤᠳᠤᠯᠤᠯᠲᠠ ᠶᠢᠨ ᠳᠤᠮᠳᠠ ᠣᠯᠵᠤ ᠦᠵᠡᠭᠰᠡᠨ ᠨᠢ᠂ ᠾᠧᠢ ᠲᠤ ᠲᠠᠢ ᠪᠠᠯᠭᠠᠰᠤᠨ ᠤ ᠵᠠᠰᠠᠭ ᠤᠨ ᠣᠷᠳᠣᠨ | ᠵᠢᠴᠢ ᠲᠣᠰᠬᠤᠨ ᠤ ᠵᠥᠪᠯᠡᠯ ᠤᠨ ᠡᠷᠭᠢᠨ ᠲᠣᠭᠤᠷᠢᠨ ᠤ ᠣᠷᠴᠢᠨ ᠲᠤᠭᠤᠷᠢᠨ ᠴᠡᠪᠡᠷ ᠲᠡᠭᠰᠢ ᠪᠥᠭᠡᠳ ᠨᠠᠷᠠᠰᠤᠨ ᠮᠣᠳᠣ | ᠲᠠᠷᠢᠵᠤ ᠨᠣᠭᠤᠭᠠᠷᠠᠭᠤᠯᠵᠤ ᠭᠤᠶᠣᠯᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠪᠠᠯᠭᠠᠰᠤᠨ ᠤ ᠵᠠᠰᠠᠭ ᠤᠨ ᠣᠷᠳᠣᠨ 35.6 | ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠷᠠᠨ ᠬᠤᠭ ᠨᠣᠪᠰᠢ ᠶᠢᠨ ᠴᠥᠭᠦᠷᠥᠮ ᠪᠠᠶᠢᠭᠤᠯᠵᠤ᠂ ᠪᠠᠯᠭᠠᠰᠤᠨ ᠤ | ᠵᠠᠰᠠᠭ ᠤᠨ ᠣᠷᠳᠣᠨ ᠤ ᠪᠠᠶᠢᠭ᠎ᠠ ᠭᠠᠵᠠᠷ ᠵᠢᠷᠭᠤᠭᠠᠨ ᠴᠡᠪᠡᠷᠯᠡᠭᠴᠢ ᠤᠷᠢᠵᠤ ᠡᠳᠦᠷ ᠲᠤᠲᠤᠮ ᠤᠨ ᠬᠤᠭ ᠨᠣᠪᠰᠢ ᠶᠢ | ᠴᠡᠪᠡᠷᠯᠡᠬᠦᠯᠪᠡ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠡᠪᠰᠢᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ | ᠲᠤᠰᠬᠠᠶ ᠬᠦᠮᠦᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠬᠦ ᠬᠡᠷᠡᠭᠲᠡᠶ᠃ ᠪᠦᠬᠦ ᠪᠠᠯᠭᠠᠰᠤᠨ ᠤ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠠᠭ ᠢᠳᠡ ᠬᠦᠭ ᠲᠠᠢ ᠶᠠᠪᠤᠭᠳᠠᠵᠤ | ᠪᠠᠶᠢᠨ᠎ᠠ᠂ ᠵᠡᠭᠡᠯᠢ ᠳᠠᠭᠠᠤ ᠶᠢᠨ ᠳᠡᠯᠭᠡᠭᠦᠷ ᠫᠦᠰᠡ ᠶᠢᠨ ᠫᠠᠶᠢᠰᠠ ᠢᠯᠡᠷᠬᠡᠶᠢᠯᠡᠯ᠂ ᠡᠭᠦᠳᠡ ᠠᠯᠤᠰᠯᠠᠨ ᠳᠡᠯᠭᠡᠬᠦ᠂ ᠵᠠᠮ ᠡᠵᠡᠯᠡᠨ | ᠡᠵᠡᠩᠨᠡᠬᠦ ᠵᠡᠷᠭᠡ ᠠᠰᠠᠭᠤᠳᠠᠯ ᠢ ᠲᠥᠪᠯᠡᠷᠡᠭᠦᠯᠦᠨ ᠴᠡᠭᠴᠡᠯᠡᠵᠦ ᠪᠠᠶᠢᠨ᠎ᠠ᠃ ᠡᠯ᠎ᠡ ᠳᠡᠯᠭᠡᠭᠦᠷ ᠤᠨ ᠡᠵᠡᠩᠨᠡᠭᠴᠢ ᠡᠭᠦᠳᠡᠨ | ᠡᠮᠦᠨᠡᠬᠢ ᠭᠤᠷᠪᠠ ᠶᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠲᠦᠢᠯ ᠤᠨ ᠶᠡᠬᠡᠪᠡᠷ ᠰᠠᠶᠢᠵᠢᠷᠠᠪᠠ᠃ | | ᠳ᠋ᠢᠶᠠᠨ ᠴᠢᠩ ᠮᠢᠶᠣᠣ ᠵᠠᠰᠠᠭ ᠵᠠᠬᠢᠷᠭᠠᠨ ᠤ ᠲᠣᠰᠬᠤᠨ ᠶᠠᠳᠠᠭᠤ ᠠᠴᠠ ᠠᠩᠭᠢᠵᠢᠷᠠᠭᠤᠯᠬᠤ ᠲᠠᠰᠤᠭ ᠪᠠᠶᠢᠭᠤᠯᠵᠤ᠂ | ᠲᠣᠰᠬᠤᠨ ᠤ ᠱᠠᠲᠤᠨ ᠤ ᠰᠣᠶᠣᠯ ᠤᠨ ᠥᠷᠲᠡᠭᠡ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠤ ᠬᠠᠮᠲᠤ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ᠂ ᠭᠤᠷᠪᠠᠨ ᠶᠠᠪᠤᠳᠠᠯ ᠢ ᠢᠯᠡ ᠪᠣᠯᠭᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠬᠦᠯᠪᠡ᠃ | ᠡᠯ᠎ᠡ ᠲᠥᠷᠥᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠨᠢ ᠦᠵᠡᠰᠬᠦᠯᠡᠩᠲᠦ ᠰᠠᠶᠢᠬᠠᠨ᠂ ᠪᠣᠯᠪᠠᠰᠤᠨ᠂ ᠪᠠᠶᠠᠨ | ᠴᠢᠨᠡᠭᠡᠯᠢᠭ ᠬᠥᠳᠡᠭᠡ ᠲᠣᠰᠬᠤᠨ ᠤ ᠪᠦᠬᠦᠯᠢ ᠴᠣᠭᠴᠠ ᠶᠢᠨ ᠳᠦᠷᠢ ᠲᠥᠷᠬᠦ ᠶᠢ ᠲᠥᠪᠯᠡᠷᠡᠩᠭᠦᠶ ᠢᠯᠡᠷᠡᠭᠦᠯᠪᠡ᠃ | ᠵᠠᠩ ᠵᠢᠶᠦ᠋ᠨ ᠲᠤᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠵᠢᠭᠠᠵᠤ ᠭᠠᠷᠭᠠᠭᠰᠠᠨ ᠨᠢ᠄ ᠾᠧᠢ ᠲᠤ ᠲᠠᠢ ᠪᠠᠯᠭᠠᠰᠤᠨ ᠤ | ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ | ᠪᠦᠲᠦᠮᠵᠢ ᠣᠯᠤᠭᠰᠠᠨ ᠪᠣᠯᠪᠠᠴᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠬᠤ ᠴᠢᠬᠤᠯᠠᠳᠠᠢ᠂ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠲᠣᠭᠤᠷᠢᠨ ᠤ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠶᠢ | ᠪᠠᠶᠢᠩᠭᠤᠵᠢᠭᠤᠯᠬᠤ ᠠᠵᠢᠯ ᠪᠣᠯᠭᠠᠨ ᠱᠠᠯᠠᠪᠳᠠᠨ ᠪᠣᠳᠠᠲᠠᠢ ᠠᠳᠬᠤᠵᠦ᠂ ᠴᠡᠪᠡᠷ ᠰᠠᠶᠢᠬᠠᠨ᠂ ᠣᠷᠣᠰᠢᠨ ᠰᠠᠭᠤᠬᠤ ᠳᠤ | ᠲᠣᠬᠢᠷᠠᠮᠵᠢᠲᠠᠢ᠂ ᠪᠣᠯᠪᠠᠰᠤᠨ ᠬᠥᠳᠡᠭᠡ ᠲᠣᠰᠬᠤᠨ ᠢ ᠴᠢᠷᠮᠠᠶᠢᠨ ᠪᠠᠶᠢᠭᠤᠯᠬᠤ ᠬᠡᠷᠡᠭᠳᠡᠢ᠃ | ᠵᠣᠬᠢᠶᠠᠭᠴᠢ᠄ ᠯᠢ ᠮᠧᠶ ᠰᠢᠶᠠ ᠳᠠᠳᠤᠯᠭ᠎ᠠ ᠶᠢᠨ ᠰᠤᠷᠪᠤᠯᠵᠢᠯᠠᠭᠴᠢ᠄ ᠯᠢᠦ ᠭᠦᠸᠧ ᠭᠧ | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | |