ᠸᠠᠩ ᠵᠧᠨ ᠬᠠᠢ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠬᠤ ᠶᠢᠨ ᠬᠠᠮᠳᠤ ᠭᠤᠣᠯ ᠢ ᠲᠣᠭᠤᠷᠢᠨ ᠪᠠᠶᠢᠴᠠᠭᠠᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2020-07-22
   7 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠶᠡᠷᠦᠩᠬᠡᠶ ᠭᠤᠤᠯ ᠤᠨ ᠳᠠᠷᠤᠭ᠎ᠠ ᠸᠠᠩ ᠵᠧᠨ ᠬᠠᠢ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠬᠤ ᠶᠢᠨ ᠬᠠᠮᠲᠤ ᠭᠤᠤᠯ ᠢ ᠲᠣᠭᠤᠷᠢᠨ ᠴᠠᠭᠳᠠᠬᠤ ᠠᠵᠢᠯ ᠢ ᠥᠷᠨᠢᠭᠦᠯᠵᠦ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷ᠎ᠠ ᠪᠣᠯᠪᠠ᠃
   ᠵᠢᠤᠢ ᠪᠦᠦ ᠵᠤᠸᠠᠩ ᠤᠰᠤᠨ ᠴᠥᠭᠦᠷᠥᠮ᠂ ᠵᠢᠦ ᠯᠦᠩ ᠸᠠᠨ ᠤᠰᠤᠨ ᠴᠥᠭᠦᠷᠥᠮ ᠳᠤ᠂ ᠸᠠᠩ ᠵᠧᠨ ᠬᠠᠢ ᠤᠰᠤᠨ ᠴᠥᠭᠦᠷᠥᠮ ᠤᠨ ᠬᠠᠰᠢᠯᠭ᠎ᠠ ᠪᠠ ᠦᠶᠡᠷ ᠲᠠᠲᠠᠷᠠᠭᠤᠯᠬᠤ ᠵᠠᠮ ᠢᠶᠠᠷ ᠭᠠᠷᠴᠤ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠪᠡ ᠃ ᠤᠰᠤᠨ ᠴᠥᠭᠦᠷᠥᠮ ᠤᠨ ᠡᠳᠦᠷ ᠲᠤᠲᠤᠮ ᠤᠨ ᠬᠠᠮᠢᠶᠠᠷᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠤᠨ ᠤᠰᠤᠨ ᠴᠥᠭᠦᠷᠥᠮ ᠤᠨ ᠠᠵᠢᠯᠯᠠᠭ᠎ᠠ᠂ ᠳᠣᠷᠣᠭᠰᠢ ᠤᠷᠤᠰᠬᠤ ᠤᠷᠤᠰᠬᠠᠯ ᠤᠨ ᠪᠠᠶᠢᠳᠠᠯ ᠢ ᠰᠣᠨᠣᠰᠴᠤ᠂ ᠤᠰᠤᠨ ᠴᠥᠭᠦᠷᠥᠮ ᠤᠨ ᠪᠠᠭᠲᠠᠭᠠᠮᠵᠢ᠂ ᠠᠶᠤᠯ ᠢ ᠠᠷᠢᠯᠭᠠᠨ ᠪᠠᠬᠢᠯᠡᠬᠦ ᠢᠨᠵᠧᠨᠧᠷᠢᠩ ᠤᠨ ᠪᠠᠶᠢᠳᠠᠯ ᠢ ᠨᠠᠷᠢᠨ ᠤᠶᠢᠯᠠᠭᠠᠪᠠ᠃
   ᠸᠠᠩ ᠵᠧᠨ ᠬᠠᠢ ᠱᠠᠭᠠᠷᠳᠠᠭᠰᠠᠨ ᠨᠢ᠂ ᠪᠠᠷᠢᠯᠭ᠎ᠠ ᠶᠢᠨ ᠦᠶᠡᠷ ᠢ ᠰᠡᠷᠭᠡᠶᠢᠯᠡᠬᠦ ᠦᠵᠡᠯ ᠤᠬᠠᠮᠰᠠᠷ ᠢ  ᠴᠢᠩᠭᠠᠳᠬᠠᠵᠦ᠂ ᠤᠰᠤᠨ ᠤ ᠪᠠᠶᠢᠳᠠᠯ ᠤᠨ ᠬᠥᠳᠡᠯᠦᠯ ᠪᠠᠶᠢᠳᠠᠯ ᠢ ᠨᠢᠭᠲᠠ ᠠᠩᠬᠠᠷᠴᠤ᠂ ᠤᠰᠤᠨ ᠤ ᠲᠦᠪᠰᠢᠨ ᠤ ᠤᠰᠤᠨ ᠤ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠠᠵᠢᠯᠯᠠᠭᠠᠨ ᠤ ᠲᠣᠬᠢᠷᠠᠭᠤᠯᠤᠯᠲᠠ ᠶᠢ ᠰᠠᠶᠢᠲᠤᠷ ᠬᠢᠬᠦ ᠬᠡᠷᠡᠭᠳᠡᠢ᠃ ᠬᠠᠰᠢᠯᠭ᠎ᠠ ᠳᠠᠯᠠᠩ ᠤᠨ ᠦᠶᠡᠷ ᠢ ᠰᠡᠷᠭᠡᠶᠢᠯᠡᠬᠦ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠬᠠᠰᠢᠯᠭ᠎ᠠ ᠳᠠᠯᠠᠩ ᠢ ᠨᠠᠷᠢᠨ ᠬᠢᠨᠠᠮᠠᠭᠠᠶ ᠴᠠᠭᠳᠠᠵᠤ ᠠᠶᠤᠯ ᠢ ᠪᠠᠶᠢᠴᠠᠭᠠᠵᠤ᠂ ᠬᠠᠰᠢᠯᠭ᠎ᠠ ᠳᠠᠯᠠᠩ ᠤᠨ ᠠᠮᠤᠷ ᠲᠦᠪᠰᠢᠨ ᠢ ᠦᠨᠡᠨ ᠬᠦ ᠪᠠᠳᠤᠯᠠᠬᠤ ᠬᠡᠷᠡᠭᠲᠡᠶ᠃
    ᠬᠠᠷ᠎ᠠ ᠭᠤᠤᠯ ᠪᠠ ᠶᠢᠨ ᠮᠠ ᠾᠧ ᠭᠤᠤᠯ ᠤᠨ ᠬᠡᠰᠡᠭ ᠢ ᠲᠣᠭᠤᠷᠢᠨ ᠪᠠᠶᠢᠴᠠᠭᠠᠬᠤ ᠦᠶ᠎ᠡ ᠳᠤ᠂ ᠸᠠᠩ ᠵᠧᠨ ᠬᠠᠶ ᠭᠤᠤᠯ ᠤᠨ ᠬᠡᠰᠡᠭ ᠤᠨ ᠬᠠᠰᠢᠯᠭ᠎ᠠ ᠳᠠᠯᠠᠩ ᠢ ᠵᠠᠰᠠᠵᠤ ᠪᠠᠬᠢᠯᠡᠬᠦ᠂ ᠭᠤᠤᠯ ᠤᠨ ᠵᠠᠮ ᠢ ᠴᠡᠭᠴᠡᠯᠡᠨ ᠵᠠᠰᠠᠬᠤ ᠵᠢᠴᠢ ᠤᠶᠢᠷ᠎ᠠ ᠶᠢᠨ ᠬᠤᠭᠤᠴᠠᠭᠠᠨ ᠤ ᠤᠰᠤᠨ ᠤ ᠪᠠᠶᠢᠳᠠᠯ ᠤᠨ ᠤᠷᠤᠰᠬᠠᠯ ᠤᠨ ᠪᠠᠶᠢᠳᠠᠯ ᠢ ᠪᠠᠶᠢᠴᠠᠭᠠᠨ ᠦᠵᠡᠪᠡ᠃    ᠸᠠᠩ ᠵᠧᠨ ᠬᠠᠢ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠲᠦᠮᠡᠨ᠂ ᠢᠷᠡᠭᠡᠳᠦᠶ ᠶᠢᠨ ᠬᠥᠭᠵᠢᠯᠲᠡ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠭᠤᠣᠯ ᠤᠨ ᠵᠠᠮ ᠢ ᠵᠠᠰᠠᠬᠤ᠂ ᠤᠰᠤᠨ ᠤ ᠴᠢᠨᠠᠷ ᠢ ᠰᠠᠶᠢᠵᠢᠷᠠᠭᠤᠯᠬᠤ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠭᠦᠨ ᠤ ᠬᠠᠮᠲᠤ ᠦᠶᠡᠷ ᠤᠨ ᠬᠤᠭᠤᠴᠠᠭᠠᠨ ᠳᠤ ᠤᠰᠤᠲᠤᠯ ᠢ ᠵᠠᠯᠠᠬᠤ ᠪᠠ ᠭᠠᠩ ᠬᠠᠭᠤᠷᠠᠶ ᠤᠯᠠᠷᠢᠯ ᠳᠤ ᠤᠰᠤ ᠬᠠᠳᠠᠭᠠᠯᠠᠬᠤ ᠶᠢ ᠨᠢᠭᠡᠳᠦᠯᠲᠡᠶ ᠪᠣᠳᠣᠯᠬᠢᠯᠠᠵᠤ᠂ ᠭᠤᠤᠯ ᠤᠨ ᠵᠠᠮ ᠵᠢᠴᠢ ᠡᠷᠭᠢ ᠳᠠᠭᠠᠤ ᠶᠢᠨ ᠰᠠᠶᠢᠨ ᠰᠠᠶᠢᠬᠠᠨ ᠠᠮᠢ ᠠᠬᠤᠶ ᠶᠢ ᠪᠠᠲᠤᠯᠠᠬᠤ ᠬᠡᠷᠡᠭᠲᠡᠶ᠃ ︽ᠭᠤᠣᠯ ᠨᠢ ᠲᠤᠩᠭᠠᠯᠠᠭ᠂ ᠤᠰᠤ ᠨᠢ ᠴᠡᠪᠡᠷ᠂ ᠡᠷᠭᠢ ᠨᠢ ᠨᠣᠭᠤᠭᠠᠨ᠂ ᠦᠵᠡᠮᠵᠢ ᠨᠢ ᠰᠠᠶᠢᠬᠠᠨ︾ ᠰᠠᠶᠢᠨ ᠰᠠᠶᠢᠬᠠᠨ ᠤᠰᠤᠨ ᠣᠷᠣᠨ ᠤ ᠣᠷᠴᠢᠨ ᠲᠣᠭᠤᠷᠢᠨ ᠢ ᠬᠦᠴᠦᠯᠡᠨ ᠪᠠᠶᠢᠭᠤᠯᠬᠤ ᠬᠡᠷᠡᠭᠳᠡᠢ ᠬᠡᠵᠦ ᠱᠠᠭᠠᠷᠳᠠᠪᠠ᠃    ᠸᠠᠩ ᠵᠧᠨ ᠬᠠᠢ ᠴᠢᠬᠤᠯᠠᠴᠢᠯᠠᠭᠰᠠᠨ ᠨᠢ᠂ ᠣᠳᠣᠬᠠᠨ ᠳᠤ ᠦᠶᠡᠷ ᠢ ᠰᠡᠷᠭᠡᠶᠢᠯᠡᠬᠦ ᠠᠵᠢᠯ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠨᠡ ᠵᠢᠯ ᠤᠨ ᠦᠶᠡᠷ ᠢ ᠰᠡᠷᠭᠡᠶᠢᠯᠡᠬᠦ ᠠᠵᠢᠯ ᠤᠨ ᠬᠦᠨᠳᠦ ᠬᠡᠴᠡᠭᠦᠤ ᠪᠠᠶᠢᠳᠠᠯ ᠢ ᠭᠦᠢᠴᠡᠳ ᠲᠠᠨᠢᠵᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠴᠠᠭ ᠢᠮᠠᠭᠲᠠ ᠴᠢᠩᠭᠠᠷᠠᠭᠤᠯᠬᠤ ᠬᠡᠷᠡᠭᠲᠡᠶ᠃ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠡᠯ᠎ᠡ  ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠪᠠᠳᠤᠯᠠᠬᠤ ᠬᠡᠷᠡᠭᠳᠡᠢ᠃                            ᠵᠣᠬᠢᠶᠠᠭᠴᠢ᠄ ᠸᠠᠩ ᠰᠢᠶᠤᠤ ᠹᠧᠶ                            ᠤᠷᠴᠢᠭᠤᠯᠤᠬᠴᠢ᠄ ᠬᠠᠨ ᠰᠢᠶᠤᠤ ᠿᠦᠩ                            ᠬᠢᠨᠠᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3