| 7 ᠰᠠᠷ᠎ᠠ ᠶᠢᠨ 17 ᠤ ᠡᠳᠦᠷ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠣᠣ ᡁᠢ ᠵᠢᠶᠧ ᠬᠠᠭᠤᠴᠢᠨ ᠬᠤᠲᠠ | ᠲᠣᠭᠤᠷᠢᠭ ᠤᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠨ ᠣᠶᠢᠷ᠎ᠠ ᠶᠢᠨ ᠬᠤᠭᠤᠴᠠᠭᠠᠨ ᠤ ᠪᠣᠷᠣᠭᠠᠨ ᠤ ᠤᠯᠠᠷᠢᠯ ᠤᠨ | ᠦᠶᠡᠷ ᠢ ᠰᠡᠷᠭᠡᠶᠢᠯᠡᠬᠦ ᠠᠵᠢᠯ ᠢ ᠲᠤᠬᠠᠶ ᠶᠢᠨ ᠭᠠᠵᠠᠷ ᠲᠤᠨᠢ ᠰᠢᠪᠡᠳᠡᠨ ᠪᠠᠶᠢᠴᠠᠭᠠᠪᠠ᠃ ᠲᠡᠷᠡᠴᠢᠯᠡᠨ ᠨᠤᠷᠠᠬᠤ ᠠᠶᠤᠯᠲᠠᠶ | ᠬᠠᠭᠤᠴᠢᠨ ᠭᠡᠷ ᠪᠠᠶᠢᠰᠢᠩ ᠤᠨ ᠠᠮᠤᠷ ᠲᠦᠪᠰᠢᠨ᠂ ᠵᠡᠭᠡᠯᠢ ᠭᠤᠳᠤᠮᠵᠢ ᠳᠤ ᠤᠰᠤ ᠬᠤᠷᠠᠬᠤ ᠵᠡᠷᠭᠡ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠶ᠂ ᠲᠤᠬᠠᠶ ᠶᠢᠨ ᠲᠠᠯᠠᠪᠠᠢ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠵᠠᠰᠠᠭ ᠤᠨ | ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠾᠧ ᠯᠢ ᠵᠢᠶᠦ᠋ᠨ᠂ ᠬᠠᠭᠤᠴᠢᠨ ᠬᠤᠲᠠ ᠲᠣᠭᠤᠷᠢᠭ ᠤᠨ ᠬᠡᠷᠡᠭ ᠡᠷᠬᠢᠯᠡᠬᠦ | ᠭᠠᠵᠠᠷ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠢᠦᠶ ᠴᠦᠨ ᠹᠧᠩ᠂ ᠡᠷᠬᠢᠯᠡᠭᠴᠢ ᠸᠠᠩ ᠭᠤᠸᠠᠨ ᠢᠦᠢ ᠨᠡᠷ ᠪᠠᠷ᠎ᠠ | ᠪᠣᠯᠪᠠ᠃ | | | | | | ᠫᠢᠩ ᠠᠨ ᠵᠡᠭᠡᠯᠢ ᠶᠢᠨ ᠨᠡᠶᠢᠭᠡᠮ ᠲᠣᠭᠤᠷᠢᠭ᠂ ᠸᠧᠨ ᠮᠢᠶᠣᠣ ᠵᠡᠭᠡᠯᠢ ᠶᠢᠨ ᠨᠡᠶᠢᠭᠡᠮ ᠲᠣᠭᠤᠷᠢᠭ᠂ ᠳ᠋ᠦᠩ ᠵᠢᠤᠢ ᠴᠢᠶᠠᠩ | ᠨᠡᠶᠢᠭᠡᠮ ᠲᠣᠭᠤᠷᠢᠭ ᠢ ᠪᠠᠶᠢᠴᠠᠭᠠᠨ ᠦᠵᠡᠬᠦ ᠣᠢᠶ᠎ᠠ ᠳᠤ᠂ ᠶᠣᠣ ᡁᠢ ᠵᠢᠶᠧ ︽ᠠᠷᠠᠳ ᠲᠦᠮᠡᠨ ᠢ ᠳᠡᠭᠡᠳᠦᠯᠡᠬᠦ︾ | ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ᠂ ᠬᠡᠰᠡᠭ ᠣᠯᠠᠨ ᠲᠦᠮᠡᠨ ᠤ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠦᠨᠡᠨᠬᠦ | ᠰᠠᠶᠢᠲᠤᠷ ᠰᠢᠢᠳᠪᠦᠷᠢᠯᠡᠵᠦ᠂ ᠬᠡᠰᠡᠭ ᠵᠡᠭᠡᠯᠢ ᠭᠤᠳᠤᠮᠵᠢ ᠶᠢᠨ ᠲᠤᠨᠤᠮᠠᠯ ᠤᠰᠤᠨ ᠠᠴᠠ ᠪᠣᠯᠤᠭᠰᠠᠨ ᠠᠮᠤᠷ ᠲᠦᠪᠰᠢᠨ ᠤ | ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ | ᠠᠷᠭ᠎ᠠ ᠬᠡᠮᠨᠵᠢᠶᠡ ᠪᠠᠨ ᠴᠢᠩᠭᠠᠳᠬᠠᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ | ᠪᠠᠳᠤᠯᠠᠬᠤ ᠬᠡᠷᠡᠭᠳᠡᠢ ᠬᠡᠵᠦ ᠴᠢᠬᠤᠯᠠᠴᠢᠯᠠᠪᠠ᠃ | | | ᠵᠣᠬᠢᠶᠠᠭᠴᠢ᠄ ᠵᠠᠩ ᠠᠨ ᠢᠦᠶ | ᠤᠷᠴᠢᠭᠤᠯᠤᠬᠴᠢ᠄ ᠼᠦᠢ ᠶᠢᠩ |