| ᠣᠯᠠᠨ ᠲᠦᠮᠡᠨ ᠤ ᠪᠣᠯᠪᠠᠰᠤᠨ ᠬᠡᠪ ᠴᠢᠨᠠᠷ ᠢ ᠪᠦᠲᠦᠮᠵᠢᠲᠡᠶ ᠲᠡᠭᠡᠭᠰᠢᠯᠡᠭᠦᠯᠵᠦ᠂ ᠠᠮᠤᠷ ᠲᠦᠪᠰᠢᠨ᠂ ᠰᠠᠭᠠᠳ ᠦᠭᠡᠢ | ᠨᠡᠪᠲᠡᠷᠡᠬᠦ᠂ ᠪᠣᠯᠪᠠᠰᠤᠨ᠂ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠤᠷᠴᠢᠨ ᠲᠣᠭᠤᠷᠢᠨ ᠢ ᠡᠭᠦᠳᠭᠦ ᠶᠢᠨ ᠲᠦᠯᠦᠭᠡ᠂ | ᠹᠧᠩᠵᠧᠨ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠵᠠᠮ ᠬᠠᠷᠢᠯᠴᠠᠭᠠᠨ ᠤ | ᠴᠠᠭᠳᠠᠭ᠎ᠠ ᠶᠢᠨ ᠶᠡᠭᠡ ᠠᠩᠭᠢ ᠪᠣᠯᠤᠨ ᠵᠢᠷᠤᠮ ᠤᠨ ᠠᠵᠢᠯᠴᠢᠨ ᠤ ᠨᠡᠶᠢᠭᠡᠮᠯᠢᠭ ᠢ ᠵᠣᠬᠢᠶᠠᠨ ᠪᠠᠶᠢᠭᠤᠯᠵᠤ᠂ ᠲᠤᠯᠤᠭᠠᠨ | ᠰᠠᠷ᠎ᠠ ᠶᠢᠨ ᠬᠤᠷᠢᠨ ᠨᠢᠭᠡᠨ ᠤ ᠡᠳᠦᠷ ︽ᠪᠣᠯᠪᠠᠰᠤᠨ ᠵᠠᠮ ᠬᠠᠷᠢᠯᠴᠠᠭᠠᠨ ᠤ ᠢᠳᠬᠠᠯ︾ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠬᠢᠵᠦ᠂ ᠡᠭᠦᠨ ᠤ ᠬᠠᠮᠲᠤ ᠲᠦᠷᠦᠭᠦᠤ ᠪᠦᠯᠦᠭ ᠤᠨ ᠬᠤᠷᠢᠨ ᠬᠤᠶᠠᠷ ᠰᠠᠶᠢᠨ ᠳᠤᠷ᠎ᠠ ᠶᠢᠨ | ᠠᠵᠢᠯᠯᠠᠭᠴᠢ ᠳᠤ ᠪᠣᠯᠪᠠᠰᠤᠷᠠᠭᠤᠯᠤᠯ ᠬᠢᠪᠡ᠃ | | ᠪᠣᠯᠪᠠᠰᠤᠷᠠᠭᠤᠯᠤᠯ ᠤᠨ ᠭᠤᠭᠴᠤᠭ᠎ᠠ ᠳᠤ ᠰᠠᠶᠢᠨ ᠳᠤᠷ᠎ᠠ ᠶᠢᠨ ᠠᠵᠢᠯᠯᠠᠭᠰᠠᠳ ᠢ ᠪᠣᠯᠪᠠᠰᠤᠨ ᠵᠠᠮ ᠬᠠᠷᠢᠯᠴᠠᠭᠠᠨ ᠤ | ᠢᠳᠬᠠᠨ ᠰᠤᠷᠭᠠᠬᠤ ᠶᠠᠪᠤᠴᠠ ᠳᠤ᠂ ︽ᠵᠠᠮ ᠬᠠᠷᠢᠯᠴᠠᠭᠠᠨ ᠤ ᠬᠠᠤᠯᠢ ᠲᠣᠭᠲᠠᠭᠠᠯ ᠳᠤ ᠪᠣᠯᠪᠠᠰᠤᠨ ᠠᠮᠤᠷ ᠲᠦᠪᠰᠢᠨ ᠢ | ᠵᠢᠷᠤᠮᠯᠡᠨ ᠰᠢᠨ᠎ᠡ ᠬᠡᠪ ᠰᠤᠷᠲᠠᠯ ᠢ ᠪᠣᠶ ᠪᠣᠯᠭᠠᠬᠤ︾ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ︔ | ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠪᠣᠯᠪᠠᠰᠤᠨ ᠢᠶᠠᠷ ᠢᠳᠬᠠᠨ ᠰᠤᠷᠭᠠᠬᠤ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ ᠮᠠᠰᠢᠨᠲᠤ ᠲᠡᠷᠭᠡ ᠶᠠᠪᠠᠭᠠᠨ ᠬᠥᠮᠦᠨ ᠳᠤ ᠨᠠᠶᠢᠷ ᠲᠠᠯᠪᠢᠬᠤ᠂ ᠮᠠᠰᠢᠨᠲᠤ ᠪᠤᠰᠤ ᠲᠡᠷᠭᠡᠨ ᠳᠤ ᠨᠠᠶᠢᠷ ᠲᠠᠯᠪᠢᠬᠤ᠂ | ᠶᠠᠪᠠᠭᠠᠨ ᠬᠥᠮᠦᠨ ᠬᠡᠷᠡᠰᠬᠡ ᠳᠠᠪᠠᠭ᠋ᠤ ᠥᠬᠡᠶ ᠪᠠᠶᠢᠬᠤ ᠵᠡᠷᠭᠡ ᠶᠢ ᠪᠡᠶᠡᠯᠡᠭᠦᠯᠬᠦ ᠬᠡᠷᠡᠭᠲᠡᠶ︔ ᠪᠠᠶᠢᠩᠭᠤᠵᠢᠭᠤᠯᠤᠨ ᠥᠷᠨᠢᠭᠦᠯᠵᠦ | ᠂ ᠤᠷᠲᠤ ᠬᠤᠭᠤᠴᠠᠭ᠎ᠠ ᠪᠠᠷ ᠪᠦᠲᠦᠮᠵᠢᠲᠡᠶ ᠠᠬᠢᠭᠤᠯᠵᠤ᠂ ᠡᠭᠦᠨ ᠤ ᠤᠯᠠᠮ ᠠᠴᠠ ᠣᠯᠠᠨ ᠲᠦᠮᠡᠨ ᠤ ᠪᠣᠯᠪᠠᠰᠤᠨ ᠬᠡᠪ | ᠴᠢᠨᠠᠷ ᠢ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠰᠠᠶᠢᠨ ᠰᠠᠶᠢᠬᠠᠨ ᠨᠡᠶᠢᠭᠡᠮ ᠤᠨ | ᠠᠭᠤᠷ ᠠᠮᠢᠰᠬᠤᠯ ᠢ ᠠᠯᠬᠤᠮ ᠠᠯᠬᠤᠮ ᠢᠶᠠᠷ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | | | | ᠠᠵᠢᠯᠯᠠᠭ᠎ᠠ ᠶᠢᠨ ᠭᠤᠭᠴᠤᠭ᠎ᠠ ᠳᠤ᠂ ᠰᠠᠶᠢᠨ ᠳᠤᠷᠠᠴᠤᠳ ᠳᠥᠷᠪᠡᠨ ᠬᠥᠮᠦᠨ ᠨᠢᠭᠡ ᠳᠤᠭᠤᠶᠢᠯᠠᠩ ᠪᠣᠯᠵᠤ᠂ | ᠨᠢᠭᠡᠳᠦᠯᠲᠡᠶ ᠵᠠᠯᠠᠭᠤ ᠰᠠᠶᠢᠨ ᠳᠤᠷᠠᠴᠤᠳ ᠤᠨ ᠬᠤᠪᠴᠠᠰᠤ ᠡᠮᠦᠰᠴᠦ᠂ ᠵᠠᠮ ᠬᠠᠷᠢᠯᠴᠠᠭ᠎ᠠ ᠶᠢ ᠬᠥᠲᠥᠯᠥᠨ ᠵᠢᠯᠤᠭᠤᠳᠴᠦ᠂ | ᠲᠣᠭᠲᠠᠭᠰᠠᠨ ᠵᠠᠮ ᠤᠨ ᠠᠭᠤᠯᠵᠠᠷ ᠲᠤ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ᠂ ᠪᠤᠯᠪᠠᠰᠤᠨ ᠤᠬᠠᠭᠤᠯᠭ᠎ᠠ | ᠂ ᠲᠤᠬᠠᠶ ᠶᠢᠨ ᠲᠠᠯᠠᠪᠤᠷ ᠲᠤ ᠢᠳᠬᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠠᠰᠢ ᠴᠠᠰᠢ ᠶᠠᠪᠤᠬᠤ ᠶᠠᠪᠠᠭᠠᠨ | ᠬᠥᠮᠦᠨ ᠢ ᠵᠠᠮ ᠬᠠᠷᠢᠯᠴᠠᠭᠠᠨ ᠤ ᠳᠣᠬᠢᠶᠠᠨ ᠳ᠋ᠧᠩ ᠢ ᠠᠩᠬᠠᠷ ᠭᠡᠵᠦ ᠱᠠᠭᠠᠷᠳᠠᠵᠤ᠂ ᠤᠯᠠᠭᠠᠨ ᠳ᠋ᠧᠩ ᠢ ᠰᠢᠭᠤᠳ ᠦᠩᠭᠡᠷᠡᠬᠦ᠂ | ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠲᠠᠯᠪᠢᠬᠤ᠂ ᠡᠷᠢᠶᠡᠨ ᠱᠤᠭᠤᠮ ᠢᠶᠠᠷ ᠶᠠᠪᠤᠬᠤ ᠦᠭᠡᠶ᠂ ᠲᠤᠰᠠᠭᠠᠷᠯᠠᠬᠤ | ᠬᠡᠷᠡᠰᠬᠡ ᠶᠢ ᠳᠠᠪᠠᠭ᠋ᠤ ᠵᠡᠷᠭᠡ ᠪᠣᠯᠪᠠᠰᠤᠨ ᠪᠤᠰᠤ ᠵᠠᠮ ᠬᠠᠷᠢᠯᠴᠠᠭ᠎ᠠ ᠶᠢᠨ ᠠᠵᠢᠯᠯᠠᠭ᠎ᠠ ᠶᠢ ᠰᠠᠨᠠᠭᠤᠯᠵᠤ ᠬᠤᠷᠢᠭᠯᠠᠬᠤ ᠵᠡᠷᠭᠡ | ᠲᠠᠯ᠎ᠠ ᠪᠠᠷ ᠬᠥᠮᠦᠰ ᠤᠨ ᠵᠠᠮ ᠢᠶᠠᠷ ᠥᠩᠭᠡᠷᠡᠬᠦ ᠳᠤ ᠣᠨᠴᠠᠭᠠᠶ ᠬᠠᠪᠰᠤᠷᠤᠨ ᠲᠡᠳᠬᠦᠬᠦ ᠦᠢᠯᠡᠴᠢᠯᠡᠭᠡ ᠬᠠᠩᠭᠠᠨ᠂ ᠨᠠᠰᠢ | ᠴᠠᠰᠢ ᠶᠠᠪᠤᠵᠤ ᠪᠠᠶᠢᠭ᠎ᠠ ᠬᠥᠮᠦᠰ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠢᠵᠦ᠂ ᠶᠠᠪᠠᠭᠠᠨ | ᠬᠥᠮᠦᠨ ᠤ ᠵᠠᠮ ᠬᠠᠷᠢᠯᠴᠠᠭᠠᠨ ᠤ ᠳᠦᠷᠢᠮ ᠢ ᠵᠢᠷᠤᠮᠯᠠᠬᠤ ᠶᠢ ᠬᠥᠲᠥᠯᠥᠨ ᠵᠢᠯᠣᠭᠤᠳᠴᠤ᠂ ᠬᠤᠲᠠ ᠶᠢᠨ ᠠᠷᠠᠳ ᠤᠨ ᠵᠠᠮ | ᠬᠠᠷᠢᠯᠴᠠᠭᠠᠨ ᠤ ᠪᠣᠯᠪᠠᠰᠤᠨ ᠦᠵᠡᠯ ᠤᠬᠠᠮᠰᠠᠷ ᠢ ᠨᠡᠮᠡᠭᠳᠡᠭᠦᠯᠦᠨ᠂ ᠥᠷᠭᠡᠨ ᠣᠯᠠᠨ ᠵᠠᠮ ᠬᠠᠷᠢᠯᠴᠠᠭ᠎ᠠ ᠳᠤ ᠣᠷᠣᠯᠴᠠᠭᠰᠠᠳ | ᠪᠣᠯᠪᠠᠰᠤᠨ ᠪᠤᠰᠤ ᠵᠠᠮ ᠬᠠᠷᠢᠯᠴᠠᠭᠠᠨᠤ ᠪᠣᠯᠬᠢ ᠳᠠᠳᠬᠠᠯ ᠢ ᠲᠠᠶᠠᠭᠳᠠᠬᠤ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠬᠤ ᠶᠢ ᠰᠠᠨᠠᠭᠠᠴᠢᠯᠠᠪᠠ᠃ | ᠵᠤᠬᠢᠶᠠᠭᠴᠢ᠄ ᠸᠠᠩ ᠰᠢᠶᠤᠤ ᠹᠸᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | | |