| | ︽ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ | ᠨᠠᠶᠢᠳᠠᠪᠤᠷᠢᠵᠢᠭᠤᠯᠤᠨ᠂ ᠬᠢᠲᠠᠳ ᠡᠮ ᠡᠮᠨᠡᠯᠭᠡ ᠶᠢᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠭᠦᠨᠵᠡᠭᠡᠶ | ᠠᠬᠢᠭᠤᠯᠬᠤ ᠶᠢᠨ ᠲᠦᠯᠦᠬᠡ᠂ ᠹᠧᠩᠵᠧᠨ ᠬᠤᠳᠠ 2020 ᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠢᠲᠠᠳ ᠡᠮ ᠡᠮᠨᠡᠯᠭᠡ ᠶᠢᠨ ᠬᠠᠤᠯᠢ︾ ᠶᠢ ᠬᠡᠷᠡᠭᠵᠢᠭᠦᠯᠦᠭᠰᠡᠨ ᠭᠤᠷᠪᠠᠨ ᠵᠢᠯ ᠤᠨ ᠣᠶ ᠶᠢᠨ ᠤᠬᠠᠭᠤᠯᠭ᠎ᠠ ᠶᠢᠨ | ᠠᠵᠢᠯᠯᠠᠭ᠎ᠠ ᠶᠢ 7 ᠰᠠᠷ᠎ᠠ ᠶᠢᠨ 11 ᠤ ᠡᠳᠦᠷ ᠵᠢᠩᠬᠢᠨᠢ ᠪᠠᠷ ᠡᠬᠢᠯᠡᠭᠦᠯᠪᠡ᠃ 7 ᠰᠠᠷ᠎ᠠ ᠶᠢᠨ 11 ᠤ ᠡᠳᠦᠷ ᠤᠨ ᠦᠳᠡ ᠶᠢᠨ | ᠡᠮᠦᠨ᠎ᠡ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠭᠤᠤᠯᠯᠠᠨ ᠡᠷᠭᠢᠯᠡᠵᠦ᠂ ᠬᠤᠲᠠ ᠶᠢᠨ | ᠬᠢᠳᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠳᠠᠭᠠᠭᠠᠨ ᠠᠪᠴᠤ ᠵᠣᠬᠢᠶᠠᠨ ᠪᠠᠶᠢᠭᠤᠯᠵᠤ ᠥᠷᠨᠢᠭᠦᠯᠦᠭᠰᠡᠨ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠲᠠᠳ ᠡᠮ ᠡᠮᠨᠡᠯᠭᠡ ᠶᠢᠨ ᠬᠠᠤᠯᠢ︾ ᠶᠢ ᠬᠡᠷᠡᠭᠵᠢᠭᠦᠯᠦᠭᠰᠡᠨ ᠭᠤᠷᠪᠠᠨ | ᠵᠢᠯ ᠤᠨ ᠣᠶ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠤᠲᠠ ᠶᠢᠨ ᠬᠢᠳᠠᠳ ᠮᠣᠩᠭᠤᠯ | ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠤᠨ ᠡᠭᠦᠳᠡᠨ ᠡᠮᠦᠨ᠎ᠡ ᠶᠠᠪᠤᠭᠳᠠᠪᠠ᠃ | ᠹᠧᠩᠵᠧᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠭᠦᠸᠧ ᠿᠦᠩ᠂ | ᠮᠣᠩᠭᠤᠯ ᠬᠢᠲᠠᠳ ᠡᠮᠨᠡᠯᠭᠡ ᠶᠢᠨ ᠲᠠᠰᠤᠭ ᠤᠨ ᠳᠠᠷᠤᠭ᠎ᠠ ᠴᠢ ᠹᠧᠩ᠂ ᠹᠧᠩᠵᠧᠨ ᠬᠤᠲᠠ ᠶᠢᠨ ᠳᠤᠮᠳᠠᠳᠤ ᠮᠣᠩᠭᠤᠯ ᠤᠨ | ᠡᠮᠨᠡᠯᠭᠡ ᠶᠢᠨ ᠬᠤᠷᠢᠶᠠᠨ ᠤ ᠳᠠᠷᠤᠭ᠎ᠠ ᠵᠠᠩ ᠰᠢᠦᠢ ᠭᠤᠸᠠᠩ᠂ ᠱᠦᠵᠢ ᠶᠠᠩ ᠵᠥᠩ ᠫᠢᠩ᠂ ᠳᠡᠳ᠋ ᠬᠤᠷᠢᠶᠠᠨ ᠳᠠᠷᠤᠭ᠎ᠠ | ᠯᠢᠦᠶ ᠼᠠᠢ ᠰᠢᠶᠠ᠂ ᠥᠪᠡᠷᠲᠡᠭᠡᠨ ᠵᠠᠰᠠᠬᠤ ᠣᠷᠣᠨ ᠤ ᠲᠠᠰ ᠤᠨ ᠨᠡᠷᠡᠳᠦ ᠠᠬᠠᠮᠠᠳ ᠬᠢᠲᠠᠳ ᠡᠮᠴᠢ ᠵᠠᠩ ᠿᠦᠩ᠂ ᠯᠦ | ᠬᠦᠶ ᠵᠥᠩ᠂ ᠦᠨᠳᠦᠰᠦᠨ ᠱᠠᠲᠤᠨ ᠤ ᠨᠠᠷᠠᠲᠤ ᠬᠢᠲᠠᠳ ᠡᠮᠴᠢ ᠯᠦ ᠵᠢᠶᠠᠨ ᠵᠢᠶᠦ᠋ᠨ ᠪᠤᠯᠤᠨ ᠬᠦᠷᠢᠶᠡᠯᠡᠩ ᠤᠨ ᠠᠵᠢᠯᠲᠠᠨ | ᠠᠵᠢᠯᠴᠢᠨ ᠤ ᠲᠥᠯᠥᠭᠡᠯᠡᠭᠴᠢ ᠨᠠᠷ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ | | | ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ | ᠡᠷᠬᠢᠯᠡᠭᠴᠢ ᠭᠦᠸᠧ ᠿᠦᠩ ᠪᠦᠯᠬᠦᠮ ᠳᠠᠭᠠᠭᠤᠯᠤᠨ ᠪᠥᠬᠦ ᠬᠤᠲᠠ ᠶᠢᠨ ᠬᠤᠶᠠᠷ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ᠂ ᠭᠤᠷᠪᠠᠨ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠠᠷᠪᠠᠨ ᠵᠢᠷᠭᠤᠭᠠᠨ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠠᠷᠪᠠᠨ ᠭᠤᠷᠪᠠᠨ ᠬᠢᠲᠠᠳ ᠡᠮᠨᠡᠯᠭᠡ ᠶᠢᠨ ᠬᠤᠪᠢ ᠶᠢᠨ ᠡᠮᠨᠡᠬᠦ ᠭᠠᠵᠠᠷ ᠪᠠ | ᠲᠠᠪᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ ᠡᠯ᠎ᠡ ᠵᠦᠢᠯ ᠤᠨ | ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | ᠵᠤᠬᠢᠶᠠᠭᠴᠢ᠄ ᠴᠢ ᠹᠧᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |