1 — 6 ᠰᠠᠷ᠎ᠠ ᠶᠢᠨ ᠠᠵᠤ ᠠᠬᠤᠶ ᠶᠢᠨ ᠭᠤᠤᠯ ᠬᠦᠢᠴᠡᠳᠭᠡᠭᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2020-07-23
    1 — 6 ᠰᠠᠷ᠎ᠠ ᠳᠤ᠂ ᠹᠧᠩᠵᠧᠨ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠬᠤᠷᠳᠤᠴᠠ ᠶᠢ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.3 ᠪᠠᠷ ᠪᠠᠭᠤᠷᠠᠵᠦ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠤᠨ ᠬᠢ ᠡᠴᠠ‌ᠵᠠᠭᠤᠨ ᠤ 3.5 ᠪᠠᠷ ᠪᠠᠭᠠᠰᠴᠤ ︵ᠨᠢᠭᠡᠳᠦᠭᠡᠷ ᠤᠯᠠᠷᠢᠯ ᠳᠤ 8.9% ᠳᠣᠷᠣᠭᠰᠢᠯᠠᠵᠠᠶ︶᠂ ᠨᠡᠮᠡᠭᠳᠡᠯ ‍ᠤᠨ‌ᠬᠤᠷᠳᠤᠴᠠ ᠨᠢ ᠤᠯᠠᠭᠠᠨᠴᠠᠪ ᠬᠤᠲᠠ ᠶᠢᠨ ᠶᠢᠰᠦᠳᠦᠭᠡᠷ ᠲᠤ ᠵᠢᠭᠰᠠᠭᠠᠭᠳᠠᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 3.0% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢᠭᠡᠳᠦᠭᠡᠷ ᠤᠯᠠᠷᠢᠯ ᠤᠨ ᠬᠢ ᠠᠴᠠ ᠵᠠᠭᠤᠨ ᠤ 4.3 ᠪᠠᠷ ᠪᠠᠭᠠᠰᠴᠤ ︵5 ᠰᠠᠷ᠎ᠠ ᠳᠤ 7.3% ᠪᠠᠷ ᠪᠠᠭᠤᠷᠠᠪᠠ︶᠂ ᠨᠡᠮᠡᠭᠳᠡᠯ ᠤᠨ ᠬᠤᠷᠳᠤᠴᠠ ᠤᠯᠠᠭᠠᠨᠴᠠᠪ ᠬᠤᠲᠠ ᠶᠢᠨ ᠨᠠᠢᠮᠠᠳᠤᠭᠠᠷ ᠲᠤ ᠣᠷᠣᠪᠠ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 11.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ᠃ ᠶᠡᠷᠦᠩᠬᠡᠶ ᠬᠡᠮᠵᠢᠶ᠎ᠡ ᠨᠢ ᠤᠯᠠᠭᠠᠨᠴᠠᠪ ᠬᠤᠲᠠ ᠶᠢᠨ ᠭᠤᠷᠪᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠲᠠᠪᠤᠳᠤᠭᠠᠷ ᠲᠤ ᠣᠷᠣᠪᠠ︔ ᠨᠡᠶᠢᠭᠡᠮ ᠤᠨ ᠲᠠᠸᠠᠷ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢᠨ ᠨᠡᠮᠡᠭᠳᠡᠯ ᠤᠨ ᠬᠤᠷᠳᠤᠴᠠ 9.9%  ᠪᠠᠷ ᠪᠠᠭᠤᠷᠠᠵᠦ᠂ ᠪᠠᠭᠤᠷᠠᠯᠲᠠ ᠶᠢᠨ ᠬᠡᠮᠵᠢᠶ᠎ᠡ ᠨᠢ 5 ᠰᠠᠷ᠎ᠠ ᠶᠢᠨ ᠬᠢ ᠠᠴᠠ ᠵᠠᠭᠤᠨ ᠤ 1 ᠪᠠᠷ ᠪᠠᠭᠠᠰᠴᠤ᠂ ᠨᠡᠮᠡᠭᠳᠡᠯ ᠤᠨ ᠬᠤ‌‍ᠷᠳᠤᠴᠠ ᠨᠢ ᠨᠢᠭᠡᠳᠦᠭᠡᠷ ᠲᠤ ᠣᠷᠣᠪᠠ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15255 ᠲᠦᠬᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ 1.1% ᠪᠠᠷ ᠪᠠᠭᠤᠷᠠᠵᠤ᠂ ᠨᠢᠭᠡᠳᠦᠭᠡᠷ ᠤᠯᠠᠷᠢᠯ ᠤᠨ ᠬᠢ ᠠᠴᠠ 4.8% ᠪᠠᠷ ᠪᠠᠭᠠᠰᠪᠠ︔ ᠲᠠᠷᠢᠶᠠᠴᠢᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6099 ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ᠃                                    ᠤᠷᠴᠢᠭᠤᠯᠤᠬᠴᠢ  ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3