| ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠤᠯᠠᠮ ᠨᠢᠭᠡ ᠠᠯᠬᠤᠮ | ᠴᠢᠩᠭᠠᠳᠬᠠᠵᠦ᠂ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ ᠨᠢᠭᠲᠠᠷᠠᠭᠤᠯᠬᠤ ᠬᠦᠴᠦᠨ ᠪᠣᠯᠤᠨ ᠳᠠᠶᠢᠴᠢᠨ ᠬᠦᠴᠦᠨ ᠢ | ᠴᠢᠩᠭᠠᠳᠬᠠᠬᠤ ᠶᠢᠨ ᠲᠦᠯᠦᠭᠡ᠂ 7 ᠰᠠᠷ᠎ᠠ ᠶᠢᠨ 17 ᠤ ᠦᠳᠡ ᠶᠢᠨ ᠡᠮᠦᠨ᠎ᠡ᠂ ᠬᠤᠳᠠ ᠶᠢᠨ ᠬᠤᠶᠢᠳᠤ | ᠲᠣᠭᠤᠷᠢᠭ ᠤᠨ ᠵᠡᠭᠡᠯᠢ ᠭᠤᠳᠤᠮᠵᠢ ᠶᠢᠨ ᠪᠠᠶᠢᠭᠤᠯᠭ᠎ᠠ ᠶᠢᠨ ᠨᠠᠮ ᠤᠨ ᠡᠭᠦᠷ ᠬᠤᠭᠤᠴᠠᠭ᠎ᠠ ᠰᠣᠯᠢᠬᠤ | ᠰᠤᠩᠭᠤᠭᠤᠯᠢ ᠶᠢᠨ ᠶᠡᠭᠡ ᠬᠤᠷᠠᠯ ᠬᠢᠵᠦ᠂ ᠪᠠᠶᠢᠭᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ | ᠬᠤᠷᠠᠯ ᠳᠤ ᠤᠷᠤᠯᠴᠠᠵᠦ᠂ ᠳᠡᠭᠡᠷ᠎ᠡ ᠬᠤᠭᠤᠴᠠᠭᠠᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠯᠢᠦ ᠵᠤᠤ | ᠰᠢᠶᠠ ᠨᠥᠬᠦᠷ ᠬᠤᠷᠠᠯ ᠢ ᠡᠷᠭᠢᠯᠡᠪᠡ᠃ | ᠡᠩ ᠲᠡᠷᠢᠭᠦᠨ ᠳᠤ᠂ ᠯᠢᠦ ᠵᠤᠤ ᠰᠢᠶᠠ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠬᠤᠷᠠᠯ ᠠᠴᠠ | ᠡᠮᠦᠨᠡᠬᠢ ᠤᠨᠤᠯ ᠤᠨ ᠰᠤᠷᠤᠯᠴᠠᠯᠭ᠎ᠠ ᠬᠢᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠪᠣᠯᠤᠨ | ᠲᠦᠷᠦ ᠶᠢᠨ ᠪᠠᠶᠢᠭᠤᠯᠭ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠦᠷᠢᠮ︾ ᠢ | ᠨᠠᠷᠢᠨ ᠬᠢᠨᠠᠮᠠᠭᠠᠢ ᠰᠤᠷᠤᠯᠴᠠᠵᠦ᠂ ᠤᠯᠤᠰ ᠤᠨ ᠳᠠᠭᠤᠤ ᠶᠢᠨ ᠠᠶᠠᠰ ᠳᠤᠮᠳᠠ ᠶᠡᠭᠡ ᠬᠤᠷᠠᠯ ᠬᠥᠰᠢᠭᠡ ᠪᠠᠨ ᠰᠡᠬᠦᠪᠡ | ᠃ ᠯᠢᠦ ᠵᠤᠤ ᠰᠢᠶᠠ ᠨᠥᠬᠦᠷ ᠳᠡᠭᠡᠷ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ ᠵᠥᠪᠯᠡᠯ ᠢ ᠲᠥᠯᠥᠭᠡᠯᠡᠨ ᠪᠦᠬᠦ | ᠨᠠᠮ ᠤᠨ ᠭᠡᠰᠢᠭᠦᠨ ᠳᠤ ᠬᠠᠮᠢᠶ᠎ᠠ ᠪᠦᠬᠦᠢ ᠠᠵᠢᠯ ᠤᠨ ᠮᠡᠳᠡᠭᠦᠯᠦᠯᠲᠡ ᠬᠢᠪᠡ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ᠂ ᠰᠤᠷᠤᠯᠴᠠᠯᠭ᠎ᠠ ᠬᠥᠮᠦᠵᠢᠯ᠂ ᠡᠩᠨᠡᠭᠡᠨ ᠤ ᠪᠠᠶᠢᠭᠤᠯᠤᠯᠲᠠ᠂ ᠲᠤᠳᠠᠭᠳᠠᠯ ᠪᠠᠭᠤᠷᠠᠶ ᠲᠠᠯ᠎ᠠ ᠵᠡᠷᠭᠡ | ᠲᠠᠯ᠎ᠠ ᠪᠠᠷ ᠪᠦᠬᠦ ᠲᠠᠯ᠎ᠠ ᠶᠢᠨ ᠳ᠋ᠦᠩᠨᠡᠯᠲᠡ ᠬᠢᠵᠦ᠂ ᠳᠠᠷᠠᠭ᠎ᠠ ᠬᠤᠭᠤᠴᠠᠭᠠᠨ ᠤ ᠨᠠᠮ ᠤᠨ ᠡᠭᠦᠷ ᠤᠨ ᠠᠵᠢᠯ ᠳᠤ ᠰᠠᠨᠠᠯ | ᠰᠠᠨᠠᠭᠤᠯᠭ᠎ᠠ ᠲᠤᠷᠠᠳᠪᠠ᠃ ᠬᠤᠭᠤᠴᠠᠭ᠎ᠠ ᠰᠣᠯᠢᠬᠤ ᠰᠣᠩᠭᠤᠭᠤᠯᠢ ᠶᠢᠨ ᠶᠡᠭᠡ ᠬᠤᠷᠠᠯ ᠨᠢ ᠲᠣᠭᠠᠨ ᠤ ᠵᠥᠷᠢᠶᠡᠲᠦ | ᠰᠣᠩᠭᠤᠭᠤᠯᠢ ᠪᠣᠯᠤᠨ ᠨᠢᠭᠤᠴᠠ ᠰᠣᠩᠭᠤᠭᠤᠯᠢ ᠶᠢᠨ ᠬᠡᠯᠪᠡᠷᠢ ᠪᠠᠷ ᠰᠢᠨ᠎ᠡ ᠨᠢᠭᠡ ᠬᠤᠭᠤᠴᠠᠭᠠᠨ ᠤ ᠡᠭᠦᠷ ᠤᠨ | ᠭᠡᠰᠢᠭᠦᠳ ᠤᠨ ᠬᠤᠷᠠᠯ ᠤᠨ ᠭᠡᠰᠢᠭᠦᠨ ᠢ ᠰᠣᠩᠭᠤᠨ ᠭᠠᠷᠭᠠᠭᠰᠠᠨ ᠪᠥᠭᠡᠳ ᠰᠢᠨ᠎ᠡ ᠨᠢᠭᠡ ᠬᠤᠭᠤᠴᠠᠭᠠᠨ ᠤ ᠡᠭᠦᠷ ᠤᠨ | ᠭᠡᠰᠢᠭᠦᠳ ᠤᠨ ᠬᠤᠷᠠᠯ ᠢ ᠬᠤᠷᠠᠯᠳᠤᠭᠤᠯᠵᠤ᠂ ᠰᠢᠨ᠎ᠡ ᠨᠢᠭᠡ ᠬᠤᠭᠤᠴᠠᠭᠠᠨ ᠤ ᠡᠭᠦᠷ ᠤᠨ ᠭᠡᠰᠢᠭᠦᠳ ᠤᠨ ᠬᠤᠷᠠᠯ ᠤᠨ | ᠱᠦᠵᠢ ᠯᠢᠦ ᠵᠤᠤ ᠰᠢᠶᠠ ᠶᠢ ᠰᠣᠩᠭᠤᠨ ᠭᠠᠷᠭᠠᠭᠰᠠᠨ ᠪᠥᠭᠡᠳ ᠭᠡᠰᠢᠭᠦᠳ ᠲᠡᠭᠡᠨ ᠠᠵᠢᠯ ᠤᠨ ᠬᠤᠪᠢᠶᠠᠷᠢᠯᠠᠯ ᠬᠢᠪᠡ᠃ | | ᠰᠢᠨ᠎ᠡ ᠪᠠᠷ ᠰᠣᠩᠭᠤᠭᠳᠠᠭᠰᠠᠨ ᠡᠭᠦᠷ ᠤᠨ ᠱᠦᠵᠢ ᠯᠢᠦ ᠵᠤᠤ ᠰᠢᠶᠠ ᠣᠪᠣᠷ ᠢᠶᠠᠨ ᠢᠯᠡᠳᠬᠡᠬᠦ ᠶᠠᠷᠢᠶ᠎ᠠ | ᠲᠠᠯᠪᠢᠵᠤ᠂ ᠬᠤᠶᠢᠰᠢᠳᠠ ᠳᠠᠷᠤᠯᠲᠠ ᠪᠠᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠦᠨᠡᠨ ᠢ ᠪᠠᠷᠢᠮᠲᠠᠯᠠᠨ | ᠪᠣᠳᠠᠲᠤ ᠠᠵᠢᠯᠯᠠᠭ᠎ᠠ ᠶᠢ ᠡᠷᠬᠢᠮᠯᠡᠬᠦ ᠦᠨᠡᠨ ᠰᠡᠳᠬᠢᠯ ᠠᠴᠠ ᠪᠠᠨ ᠪᠦᠯᠬᠦᠮᠳᠡᠵᠦ᠂ ᠵᠡᠭᠡᠯᠢ ᠭᠤᠳᠤᠮᠵᠢ ᠶᠢᠨ ᠭᠤᠣᠯ | ᠠᠵᠢᠯ ᠲᠠᠢ ᠨᠢᠭᠲᠠ ᠤᠶᠠᠯᠳᠤᠭᠤᠯᠤᠨ᠂ ᠨᠠᠮ ᠤᠨ ᠡᠭᠦᠷ ᠤᠨ ᠡᠳᠦᠷ ᠲᠤᠲᠤᠮ ᠤᠨ ᠵᠣᠬᠢᠶᠠᠨ ᠪᠠᠶᠢᠭᠤᠯᠬᠤ ᠠᠵᠢᠯ ᠢ | ᠯᠠᠪᠳᠠᠭᠤᠨ ᠪᠠᠲᠤᠲᠠᠶ ᠬᠢᠵᠦ᠂ ᠰᠤᠷᠤᠯᠴᠠᠬᠤ ᠮᠠᠶ᠋ᠢᠭ ᠤᠨ᠂ ᠦᠢᠯᠡᠴᠢᠯᠡᠭᠡᠨ ᠤ ᠮᠠᠶ᠋ᠢᠭ ᠤᠨ᠂ ᠰᠢᠨ᠎ᠡ ᠶᠢ ᠡᠭᠦᠳᠬᠦ | ᠮᠠᠶ᠋ᠢᠭ ᠤᠨ ᠨᠠᠮ ᠤᠨ ᠡᠭᠦᠷ ᠤᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠲᠦᠯᠬᠢᠨ ᠠᠬᠢᠭᠤᠯᠵᠦ᠂ ᠪᠠᠶᠢᠭᠤᠯᠭ᠎ᠠ ᠶᠢᠨ | ᠨᠠᠮ ᠤᠨ ᠡᠭᠦᠷ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠤᠯᠭᠠᠬᠤ ᠪᠠᠨ ᠢᠯᠡᠷᠭᠡᠶᠢᠯᠡᠪᠡ᠃ | ᠡᠨᠡ ᠤᠳᠠᠭᠠᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠰᠣᠩᠬᠤᠭᠤᠯᠢ ᠶᠢᠨ ᠠᠵᠢᠯ | ᠠᠷᠠᠳᠴᠢᠯᠠᠯ ᠢ ᠪᠠᠳᠠᠷᠠᠭᠤᠯᠵᠤ᠂ ᠬᠠᠤᠯᠢ ᠶᠣᠰᠣᠭᠠᠷ ᠰᠣᠩᠬᠤᠭᠤᠯᠢ ᠶᠠᠪᠤᠭᠤᠯᠪᠠ᠃ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ | ᠨᠠᠮᠡᠭᠳᠡᠬᠦᠯᠵᠦ᠂ ᠬᠤᠳᠠ ᠶᠢᠨ ᠬᠤᠶᠢᠳᠤ ᠲᠣᠭᠤᠷᠢᠭ ᠤᠨ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠳᠤ ᠪᠠᠲᠤ ᠪᠠᠬᠢ ᠤᠯᠤᠰ ᠲᠥᠷᠥ ᠶᠢᠨ ᠰᠠᠭᠤᠷᠢ ᠪᠣᠯᠤᠨ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠶᠢ ᠲᠠᠯᠪᠢᠪᠠ᠃ | ᠵᠣᠬᠢᠶᠠᠭᠴᠢ᠄ ᠬᠤᠳᠠ ᠶᠢᠨ ᠬᠤᠶᠢᠳᠤ ᠲᠣᠭᠤᠷᠢᠭ ᠤᠨ ᠬᠡᠷᠡᠭ ᠡᠷᠬᠢᠯᠡᠬᠦ ᠭᠠᠵᠠᠷ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |