| — — ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | 2019 ᠣᠨ ᠤ ︽ᠠᠷᠢᠭᠤᠨ ᠴᠢᠬᠡᠴᠢ ᠰᠤᠷᠲᠠᠯ ᠪᠥᠬᠦᠶ ᠺᠠᠳ᠋ᠷ︾ ᠤᠨ ᠠᠷᠠᠳᠴᠢᠯᠠᠯ ᠢᠶᠠᠷ ᠰᠢᠯᠭᠠᠨ ᠦᠨᠡᠯᠡᠬᠦ | ᠬᠤᠷᠠᠯ ᠢ ᠬᠤᠷᠠᠯᠳᠤᠭᠤᠯᠪᠠ | ᠤᠳᠤᠷᠢᠳᠬᠤ ᠺᠠᠳ᠋ᠷ ᠤᠨ ᠵᠥᠪ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠢᠭᠤᠨ ᠴᠢᠬᠡᠴᠢ | ᠲᠥᠪ ᠰᠤᠷᠳᠠᠯ ᠢ ᠪᠠᠳᠠᠷᠠᠭᠤᠯᠤᠨ᠂ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠤ᠂ ᠦᠨᠳᠦᠰᠦᠨ ᠱᠠᠲᠤᠨ ᠤ | ᠺᠠᠳ᠋ᠷ ᠤᠨ ᠠᠷᠠᠳ ᠠᠴᠠ ᠡᠷᠬᠢᠯᠡᠭᠰᠡᠨ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠬᠦ ᠠᠵᠢᠯ ᠤᠨ ᠤᠬᠠᠮᠰᠠᠷ ᠢ | ᠲᠡᠭᠡᠭᠰᠢᠯᠡᠬᠦᠯᠬᠦ ᠶᠢᠨ ᠲᠦᠯᠦᠬᠡ᠂ ᠡᠮᠦᠨᠡᠬᠢ ᠬᠤᠭᠤᠴᠠᠭᠠᠨ ᠳᠤ ᠭᠦᠢᠴᠡᠳ ᠤᠬᠠᠭᠤᠯᠤᠨ ᠳᠠᠶᠢᠴᠢᠯᠠᠵᠤ᠂ | ᠠᠷᠠᠳᠴᠢᠯᠠᠯ ᠢᠶᠠᠷ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ 7 ᠰᠠᠷ᠎ᠠ ᠶᠢᠨ 14 ᠤ ᠡᠳᠦᠷ᠂ ᠬᠠᠭᠤᠴᠢᠨ ᠬᠤᠲᠠ | ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 2019 ᠣᠨ ᠤ ︽ᠠᠷᠢᠭᠤᠨ ᠴᠢᠬᠡᠴᠢ ᠰᠤᠷᠲᠠᠯ | ᠪᠥᠬᠦᠶ ᠺᠠᠳ᠋ᠷ︾ ᠤᠨ ᠠᠷᠠᠳᠴᠢᠯᠠᠯ ᠢᠶᠠᠷ ᠰᠢᠯᠭᠠᠨ ᠦᠨᠡᠯᠡᠬᠦ ᠬᠤᠷᠠᠯ ᠢ ᠬᠤᠷᠠᠯᠳᠤᠭᠤᠯᠪᠠ᠃ ᠬᠤᠷᠠᠯ ᠢ ᠨᠠᠮ ᠤᠨ | ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠸᠠᠩ ᠭᠤᠸᠠᠨ ᠢᠦᠢ | ᠡᠷᠬᠢᠯᠡᠵᠦ᠂ ᠤᠳᠤᠷᠢᠳᠬᠤ ᠪᠠᠭ ᠤᠨ ᠪᠦᠬᠦ ᠪᠦᠷᠢᠯᠳᠦᠬᠦᠨ᠂ ᠠᠯᠪᠠᠨ ᠪᠠᠶᠢᠭᠤᠯᠭ᠎ᠠ ᠨᠡᠶᠢᠭᠡᠮ ᠲᠣᠭᠤᠷᠢᠭ ᠤᠨ ᠺᠠᠳ᠋ᠷ | ᠠᠵᠢᠯᠳᠠᠨ ᠠᠵᠢᠯᠴᠢᠨ ᠨᠠᠷ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠨᠠᠮ ᠤᠨ ᠠᠵᠢᠯᠯᠠᠬᠤ ᠬᠤᠷᠢᠶᠠᠨ ᠤ ᠱᠦᠵᠢ ᠢᠦᠶ ᠴᠦᠨ ᠹᠧᠩ ᠰᠢᠯᠭᠠᠷᠠᠭᠤᠯᠤᠨ | ᠰᠣᠩᠭᠤᠬᠤ ᠬᠦᠷᠢᠶ᠎ᠡ ᠬᠡᠪᠴᠢᠶ᠎ᠡ᠂ ᠪᠠᠷᠢᠮᠵᠢᠶ᠎ᠠ᠂ ᠬᠡᠷᠡᠭᠵᠢᠭᠦᠯᠬᠦ ᠠᠯᠬᠤᠮ ᠳᠠᠷᠠᠭ᠎ᠠ ᠵᠡᠷᠭᠡ ᠠᠭᠤᠯᠭ᠎ᠠ ᠶᠢ ᠨᠠᠷᠢᠨ | ᠲᠠᠶᠢᠯᠪᠤᠷᠢᠯᠠᠨ᠂ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ᠂ ᠠᠷᠢᠭᠤᠨ ᠴᠢᠬᠡᠴᠢ ᠺᠠᠳ᠋ᠷ ᠢ | ᠰᠢᠯᠭᠠᠷᠠᠭᠤᠯᠤᠨ ᠰᠣᠩᠭᠤᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠨᠡᠷ᠎ᠡ ᠲᠡᠮᠳᠡᠭᠯᠡᠬᠦ ᠥᠬᠡᠶ ᠠᠷᠭ᠎ᠠ ᠮᠠᠶ᠋ᠢᠭ ᠢᠶᠠᠷ ︽ | ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 2019 ᠣᠨ ᠤ ᠬᠡᠪ | ᠳᠠᠭᠤᠷᠢᠶᠠᠯ ︿ᠠᠷᠢᠭᠤᠨ ᠴᠢᠬᠡᠴᠢ ᠺᠠᠳ᠋ᠷ﹀ ᠤᠨ ᠠᠷᠠᠳᠴᠢᠯᠠᠯ ᠢᠶᠠᠷ ᠰᠢᠯᠭᠠᠨ ᠦᠨᠡᠯᠡᠬᠦ ᠬᠦᠰᠦᠨᠦᠭᠲᠦ︾ ᠶᠢ ᠲᠠᠭᠯᠠᠪᠠ | ᠃ | ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠰ ᠤᠳᠠᠭᠠᠨ ᠤ | ᠠᠷᠢᠭᠤᠨ ᠴᠢᠬᠡᠴᠢ ᠺᠠᠳ᠋ᠷ ᠢ ᠰᠢᠯᠭᠠᠷᠠᠭᠤᠯᠤᠨ ᠰᠣᠩᠭᠤᠬᠤ ᠠᠵᠢᠯᠯᠠᠭ᠎ᠠ ᠶᠢ ᠭᠦᠢᠴᠡᠳ ᠠᠰᠢᠭᠯᠠᠵᠤ ᠨᠠᠮ ᠤᠨ ᠭᠡᠰᠢᠭᠦᠨ | ᠺᠠᠳ᠋ᠷ ᠠᠵᠢᠯᠲᠠᠨ ᠠᠵᠢᠯᠴᠢᠨ ᠤ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠬᠦ᠂ ᠲᠥᠪ ᠭᠤᠣᠯᠴᠢ | ᠠᠷᠢᠭᠤᠨ ᠴᠢᠬᠡᠴᠢ ᠪᠠᠶᠢᠬᠤ ᠠᠵᠢᠯ ᠤᠨ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠠᠷᠠᠳ ᠤᠨ | ᠲᠥᠯᠥᠭᠡ ᠪᠣᠳᠠᠲᠠᠶ ᠠᠵᠢᠯ ᠬᠢᠬᠦ᠂ ᠰᠠᠶᠢᠨ ᠶᠠᠪᠤᠳᠠᠯ ᠬᠢᠬᠦ᠂ ᠠᠷᠢᠭᠤᠨ ᠴᠢᠬᠡᠴᠢ ᠶᠢ ᠡᠭᠦᠳᠬᠦ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠪᠠ᠃ | | ᠵᠣᠬᠢᠶᠠᠭᠴᠢ᠄ ᠬᠠᠭᠤᠴᠢᠨ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |