ᠳᠡᠭᠡᠷ᠎ᠡ ᠬᠠᠭᠠᠰ ᠵᠢᠯ ᠹᠧᠩᠵᠧᠨ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2020-07-24
   ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠨᠡᠶᠢᠲᠡ 113.7 ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.9 ᠳ᠋ᠦᠩᠰᠢᠭᠤᠷ ᠲᠥᠭᠦᠷᠢᠭ ᠪᠠᠭᠠᠰᠴᠤ᠂ 7.97% ᠪᠠᠷ ᠪᠠᠭᠤᠷᠠᠪᠠ᠃ ᠡᠭᠦᠨ ᠤ ᠳᠣᠲᠣᠷ᠎ᠠ 6 ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 22.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.2 ᠳ᠋ᠦᠩᠰᠢᠭᠤᠷ ᠲᠥᠭᠦᠷᠢᠭ ᠨᠡᠮᠡᠭᠳᠡᠵᠦ᠂ ᠨᠡᠮᠡᠭᠳᠡᠯ ᠤᠨ ᠨᠤᠷᠮ᠎ᠠ 16.3% ᠪᠠᠶᠢᠵᠦ᠂ ᠲᠦᠷᠦᠭᠦᠤ ᠰᠠᠷ᠎ᠠ ᠶᠢᠨ ᠰᠡᠷᠭᠦᠯᠲᠡ ᠶᠢᠨ ᠴᠢᠨᠠᠷᠲᠠᠶ ᠨᠡᠮᠡᠭᠳᠡᠯ ᠤᠨ ᠪᠠᠶᠢᠳᠠᠯ ᠢᠯᠡᠷᠡᠪᠡ᠃ ᠳᠡᠭᠡᠷ᠎ᠡ ᠬᠠᠭᠠᠰ ᠵᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 3% ᠪᠠᠷ ᠪᠠᠭᠤᠷᠠᠪᠠ︔ ᠡᠵᠡᠩᠨᠡᠯᠲᠡ ᠶᠢᠨ ᠣᠷᠣᠯᠭ᠎ᠠ ᠶᠢ 117.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.8% ᠪᠠᠷ ᠪᠠᠭᠤᠷᠠᠪᠠ᠂ ᠣᠯᠵᠠᠪᠤᠷᠢ ᠠᠯᠳᠠᠭᠳᠠᠯ ᠢ ᠲᠤᠯᠭᠠᠵᠤ ᠪᠣᠳᠣᠪᠠᠯ ᠠᠰᠢᠭ ᠬᠤᠨᠵᠢᠪᠣᠷᠢ ᠶᠢᠨ ᠪᠦᠬᠦ ᠲᠤᠭ᠎ᠠ ᠶᠢᠨ ᠠᠯᠳᠠᠭᠳᠠᠯ 3.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0 ᠳ᠋ᠦᠩᠰᠢᠭᠤᠷ ᠲᠥᠭᠦᠷᠢᠭ  ᠨᠡᠮᠡᠭᠳᠡᠵᠦ᠂ ᠠᠵᠤ ᠠᠬᠤᠶᠢᠯᠠᠯ ᠤᠨ ᠦᠷ᠎ᠡ ᠠᠰᠢᠭ ᠪᠠᠭᠤᠷᠠᠬᠤ ᠪᠠᠶᠢᠳᠠᠯ ᠢᠯᠡᠷᠡᠪᠡ᠃    ᠦᠢᠯᠡᠳᠬᠦᠨ ᠤ ᠭᠠᠷᠤᠯᠲᠠ ᠶᠢ ᠪᠡᠶᠡᠯᠡᠭᠦᠯᠦᠭᠰᠡᠨ ᠪᠠᠶᠢᠳᠠᠯ᠄ ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 125.6 ᠲᠦᠮᠡᠨ ᠲᠣᠨ ᠲᠡᠮᠦᠷ ᠤᠨ ᠬᠠᠶᠢᠯᠤᠰᠢ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠪᠡ︔ ᠴᠠᠬᠢᠯᠤᠭᠤᠷ ᠴᠢᠯᠠᠭᠤ 8.75 ᠲᠦᠮᠡᠨ ᠲᠣᠨ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠪᠠᠭᠤᠷᠠᠪᠠ ︔ ᠫᠢᠸᠤ᠋ 2.3 ᠲᠦᠮᠡᠨ ᠲᠣᠨ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 2.3% ᠪᠠᠷ ᠪᠠᠭᠤᠷᠠᠪᠠ︔ ᠴᠠᠭᠠᠨ ᠢᠳᠡᠭᠡ 2381 ᠲᠣᠨ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠪᠠᠭᠤᠷᠠᠪᠠ︔ ᠭᠤᠷᠪᠠᠨ ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠬᠡᠮᠵᠢᠶ᠎ᠡ 61.1 ᠳ᠋ᠦᠩᠰᠢᠭᠤᠷ ᠭᠷᠠᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.9% ᠪᠠᠷ ᠪᠠᠭᠤᠷᠠᠵᠦ᠂ ᠡᠭᠦᠨ ᠤ ᠲᠤᠳᠤᠷ᠎ᠠ᠂ ᠹᠧᠩᠵᠧᠨ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 22 ᠳ᠋ᠦᠩᠰᠢᠭᠤᠷ ᠭᠷᠠᠳᠦ᠋ᠰ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ︔ ᠵᠢᠩ ᠯᠦᠩ ᠺᠣᠮᠫᠠᠨᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 22.8 ᠳ᠋ᠦᠩᠰᠢᠭᠤᠷ ᠭᠷᠠᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.9% ᠪᠠᠷ ᠪᠠᠭᠤᠷᠠᠪᠠ︔ ᠰᠢᠨ ᠹᠧᠩ ᠢᠯᠴᠢ ᠴᠠᠬᠢᠯᠭᠠᠨ ᠤ ᠺᠣᠮᠫᠠᠨᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 16.3 ᠳ᠋ᠦᠩᠰᠢᠭᠤᠷ ᠭᠷᠠᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.4% ᠪᠠᠷ ᠪᠠᠭᠤᠷᠠᠪᠠ᠃                             ᠵᠣᠬᠢᠶᠠᠭᠴᠢ᠄ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠯᠢᠦ ᠵᠢᠶᠧ                             ᠤᠷᠴᠢᠭᠤᠯᠤᠭᠴᠢ᠄ ᠬᠠᠨ ᠰᠢᠶᠤᠤ ᠿᠦᠩ                             ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3