ᠹᠧᠩᠵᠧᠨ ᠬᠤᠲᠠ ᠺᠢᠨᠣ᠋ ᠶᠢᠨ ᠣᠷᠳᠣᠨ ᠤ ᠠᠵᠢᠯ ᠢ ᠰᠡᠷᠭᠦᠭᠡᠬᠦ ᠲᠤᠰᠬᠠᠶ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020-07-27
   7 ᠰᠠᠷ᠎ᠠ ᠶᠢᠨ 23 ᠤ ᠡᠳᠦᠷ᠂ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠠᠯ ᠤᠨᠲᠠᠷᠠᠭᠠᠬᠤ ᠶᠡᠭᠡ ᠠᠩᠭᠢ᠂ ᠰᠣᠶᠣᠯ ᠤᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠴᠢᠳᠠᠮᠵᠢᠳᠤ ᠰᠠᠯᠠᠭ᠎ᠠ ᠮᠥᠴᠢᠷ  ᠲᠠᠢ ᠬᠠᠮᠳᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠠᠵᠢᠯ ᠢᠶᠠᠨ ᠰᠡᠷᠭᠦᠭᠡᠬᠦ ᠭᠡᠵᠦ ᠪᠠᠶᠢᠭ᠎ᠠ ᠺᠢᠨᠤ᠋ ᠶᠢᠨ ᠣᠷᠳᠣᠨ ᠳᠤ ᠲᠤᠰᠬᠠᠶ ᠪᠠᠶᠢᠴᠠᠭᠠᠯᠲᠠ ᠬᠢᠵᠦ᠂ ᠺᠢᠨᠣ᠋ ᠭᠠᠷᠭᠠᠬᠤ ᠠᠮᠤᠷ ᠲᠦᠪᠰᠢᠨ ᠢ ᠦᠨᠡᠨ ᠬᠦ   ᠪᠠᠳᠤᠯᠠᠨ ᠪᠦᠬᠦ ᠬᠤᠲᠠ ᠶᠢᠨ ᠺᠢᠨᠣ᠋ ᠶᠢᠨ ᠠᠵᠢᠯ ᠲᠥᠷᠥᠯ ᠤᠨ ᠲᠤᠭᠳᠠᠭᠤᠨ ᠡᠮᠬᠢ ᠵᠢᠷᠤᠮ ᠲᠠᠢ ᠪᠠᠷ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠪᠠ᠃    ᠪᠠᠶᠢᠴᠠᠭᠠᠬᠤ ᠳᠤᠭᠤᠶᠢᠯᠠᠩ ᠨᠢ ᠺᠢᠨᠣ᠋ ᠶᠢᠨ ᠣᠷᠳᠣᠨ ᠤ ᠬᠠᠷᠢᠭᠤᠴᠠᠯᠭᠠᠲᠠᠨ ᠤ ᠬᠢᠵᠢᠭ ᠤᠨ ᠪᠠᠶᠢᠳᠠᠯ ᠢ  ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠺᠢᠨᠣ᠋ ᠶᠢᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠳ᠋ ᠪᠠᠷᠠᠭ᠎ᠠ ᠨᠥᠭᠡᠴᠡᠯᠡᠭᠰᠡᠨ ᠪᠠᠶᠢᠳᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠪᠠᠶᠢᠳᠠᠯ ᠢ ᠵᠢᠭᠰᠠᠭᠠᠨ ᠪᠠᠶᠢᠴᠠᠭᠠᠵᠤ ᠳᠠᠩᠰᠠᠯᠠᠬᠤ᠂ ᠭᠠᠯ ᠤᠨᠲᠠᠷᠠᠭᠠᠬᠤ ᠪᠡᠯᠡᠳᠬᠡᠮᠵᠢ ᠵᠡᠷᠭᠡ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠪᠠ᠃ ᠺᠢᠨᠣ᠋ ᠶᠢᠨ ᠣᠷᠳᠣᠨ ᠳᠤ ᠣᠷᠣᠰᠢᠵᠤ ᠪᠠᠶᠢᠭ᠎ᠠ ᠣᠨᠴᠠ ᠵᠠᠷᠢᠮ ᠠᠶᠤᠯᠭᠦᠶ ᠭᠠᠷᠬᠤ ᠡᠭᠦᠳᠡ ᠶᠢᠨ ᠵᠢᠭᠠᠪᠤᠷᠢ ᠲᠣᠳᠣᠷᠬᠠᠶ ᠦᠭᠡᠢ᠂ ᠭᠠᠯ ᠤᠨᠲᠠᠷᠠᠭᠠᠭᠤᠷ ᠤᠨ ᠲᠣᠬᠢᠷᠠᠭᠤᠯᠤᠯᠲᠠ ᠪᠦᠷᠢᠨ ᠪᠤᠰᠤ᠂ ᠭᠠᠯ ᠤᠨᠲᠠᠷᠠᠭᠠᠬᠤ ᠵᠠᠮ ᠰᠠᠭᠠᠳ ᠦᠭᠡᠢ ᠨᠡᠪᠲᠡᠷᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠺᠢᠨᠣ᠋ ᠶᠢᠨ ᠣᠷᠳᠣᠨ ᠢ ᠬᠢᠨᠠᠮᠠᠭᠠᠢ ᠴᠡᠭᠴᠡᠯᠡᠨ ᠰᠠᠶᠢᠵᠢᠷᠠᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠦᠨᠡᠨᠬᠦ  ᠨᠠᠶᠢᠳᠠᠪᠤᠷᠢᠵᠢᠭᠤᠯᠤᠨ᠂ ᠺᠢᠨᠤ᠋ ᠲᠢᠶᠠᠲᠷ ᠤᠨ ᠦᠢᠯᠡᠳᠪᠦᠷᠢᠯᠡᠯ ᠢᠶᠠᠨ ᠰᠡᠷᠭᠦᠭᠡᠬᠦ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠢᠳᠡᠪᠬᠢᠲᠡᠶ ᠰᠠᠶᠢᠲᠤᠷ ᠬᠢᠵᠦ᠂ ᠺᠢᠨᠣ᠋ ᠶᠢᠨ ᠣᠷᠳᠣᠨ ᠤ ᠨᠡᠭᠡᠭᠡᠯᠲᠡ ᠬᠢᠬᠦ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠳᠤᠯᠠᠬᠤ ᠬᠡᠷᠡᠭᠲᠡᠶ ᠬᠡᠵᠦ ᠱᠠᠭᠠᠷᠳᠠᠪᠠ᠃                                ᠤᠷᠴᠢᠭᠤᠯᠤᠬᠴᠢ᠄  ᠬᠠᠨ ᠰᠢᠶᠤᠤ ᠿᠦᠩ                                ᠬᠢᠨᠠᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3