| ᠹᠧᠩᠵᠧᠨ ᠬᠤᠲᠠ 2019 ᠣᠨ ᠳᠤ ᠡᠯ᠎ᠡ ᠲᠥᠷᠥᠯ ᠤᠨ ᠮᠠᠰᠢᠨ ᠪᠠᠭᠠᠵᠢ ᠶᠢ 339 ᠰᠠᠭᠤᠷᠢ ︵ᠢᠵᠢ︶ | ᠲᠡᠯᠭᠡᠷᠡᠭᠦᠯᠵᠦ᠂ ᠤᠯᠤᠰ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠦᠭᠬᠦ ᠨᠥᠬᠦᠪᠥᠷᠢ ᠪᠡᠯᠡ | ᠮᠦᠩᠬᠦ ᠶᠢ1030 ᠲᠦᠮᠡᠨ ᠲᠥᠭᠦᠷᠢᠭ ᠪᠡᠶᠡᠯᠡᠭᠦᠯᠵᠦ᠂ ᠠᠰᠢᠭ ᠬᠦᠷᠳᠡᠭᠰᠡᠨ ᠲᠠᠷᠢᠶᠠᠴᠢᠨ ᠡᠷᠦᠬᠡ 323 ᠡᠷᠦᠬᠡ᠂ | ᠳᠠᠩᠰᠠᠯᠠᠭᠤᠯᠤᠭᠰᠠᠨ ᠲᠷᠠᠺᠲ᠋ᠣᠷ ᠤᠨ ᠫᠠᠶᠢᠰᠠ ᠦᠨᠡᠮᠯᠡᠯ 268 ᠬᠤᠪᠢ᠂ ᠲᠷᠠᠺᠲ᠋ᠣᠷ᠂ ᠬᠠᠳᠤᠵᠤ ᠬᠤᠷᠢᠶᠠᠬᠤ ᠬᠠᠮ | ᠮᠠᠰᠢᠨ ᠤ ᠵᠢᠯᠣᠭᠤᠳᠬᠤ ᠦᠨᠡᠮᠯᠡᠯ ᠢ 171 ᠬᠥᠮᠦᠨ ᠳᠤ ᠤᠯᠭᠤᠪᠠ᠃ ᠣᠳᠣ ᠪᠣᠯᠲᠠᠯ᠎ᠠ᠂ ᠹᠧᠩᠵᠧᠨ ᠬᠤᠲᠠ ᠶᠢᠨ | ᠲᠠᠷᠢᠶᠠᠯᠠᠩ ᠤᠨ ᠮᠠᠰᠢᠨ 5636 ᠰᠠᠭᠤᠷᠢ ᠳᠤ ᠬᠦᠷᠴᠦ᠂ ᠶᠡᠷᠦᠩᠬᠡᠶ ᠬᠥᠳᠡᠯᠭᠡᠬᠦ ᠬᠦᠴᠦᠨ 66.5 ᠲᠦᠮᠡᠨ | ᠺᠢᠯᠣᠸᠠᠲ ᠪᠠᠶᠢᠵᠦ᠂ ᠡᠭᠦᠨ ᠳᠤ ᠲᠣᠮᠣ ᠬᠡᠯᠪᠡᠷᠢ ᠶᠢᠨ ᠮᠠᠰᠢᠨ ᠪᠠᠭᠠᠵᠢ ︵80 ᠮᠣᠷᠢᠨ ᠬᠦᠴᠦ ᠠᠴᠠ ᠳᠡᠭᠡᠭᠰᠢ︶ | 262 ᠰᠠᠭᠤᠷᠢ᠂ ᠳᠤᠮᠳᠠ ᠬᠡᠯᠪᠡᠷᠢ ᠶᠢᠨ ᠮᠠᠰᠢᠨ ᠪᠠᠭᠠᠵᠢ ︵40-80 ᠮᠤᠷᠢᠨ ᠬᠦᠴᠦ︶ 924 ᠰᠠᠭᠤᠷᠢ᠂ | ᠵᠢᠵᠢᠭ ᠬᠡᠯᠪᠡᠷᠢ ᠶᠢᠨ ᠮᠠᠰᠢᠨ ᠪᠠᠭᠠᠵᠢ ︵40 ᠮᠤᠷᠢᠨ ᠬᠦᠴᠦ ᠠᠴᠠ ᠳᠣᠷᠣᠭᠰᠢ︶ 4337 ᠰᠠᠭᠤᠷᠢ ᠪᠠᠭᠳᠠᠨ᠎ᠠ᠃ | 116 ᠰᠠᠭᠤᠷᠢ ᠮᠠᠰᠢᠨ ᠮᠧᠬᠠᠨᠢᠭ ᠬᠤᠷᠢᠶᠠᠵᠤ᠂ ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠬᠡᠮᠵᠢᠶ᠎ᠡ 75. | 3% ᠳᠤ ᠬᠦᠷᠪᠡ᠃ | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |