| 7 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠬᠠᠮ | ᠵᠠᠭᠤᠴᠢᠯᠠᠭᠤᠷ ᠤᠨ ᠡᠵᠡᠩᠨᠡᠯᠲᠡ ᠶᠢᠨ ᠦᠢᠯᠡᠴᠢᠯᠡᠭᠡᠨ ᠤ ᠲᠥᠪ ᠤᠨ ᠶᠡᠷᠦᠩᠬᠡᠶ ᠨᠠᠶᠢᠷᠠᠭᠤᠯᠤᠭᠴᠢ ᠰᠦᠨ ᠶᠠᠨ ᠮᠢᠩ | ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠡᠵᠡᠩᠨᠡᠯᠲᠡ ᠶᠢᠨ | ᠦᠢᠯᠡᠴᠢᠯᠡᠭᠡᠨ ᠤ ᠲᠥᠪ ᠤᠨ ᠬᠤᠶᠠᠳᠤᠭᠠᠷ ᠠᠵᠢᠯᠯᠠᠬᠤ ᠲᠤᠭᠤᠶᠢᠯᠠᠩ ᠢ ᠳᠠᠭᠠᠭᠤᠯᠤᠨ ᠹᠧᠩᠵᠧᠨ ᠬᠤᠳᠠ ᠳᠤ ᠬᠦᠷᠴᠦ᠂ | ᠮᠠᠨ ᠤ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠰᠢᠯᠭᠠᠨ ᠠᠪᠴᠦ | ᠵᠢᠭᠠᠨ ᠵᠢᠯᠣᠭᠤᠳᠪᠠ᠃ | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ ᠵᠢᠶ ᠴᠦᠨ | ᠰᠢᠯᠭᠠᠨ ᠠᠪᠬᠤ ᠵᠢᠯᠣᠭᠤᠳᠣᠯᠭ᠎ᠠ ᠳᠤ ᠣᠷᠣᠯᠴᠠᠪᠠ᠃ | | ᠰᠢᠯᠭᠠᠨ ᠠᠪᠬᠤ ᠳᠤᠭᠤᠶᠢᠯᠠᠩ ᠤᠷᠢᠳ ᠬᠤᠵᠢᠳ ᠬᠠᠮ ᠵᠠᠭᠤᠴᠢᠯᠠᠭᠤᠷ ᠤᠨ ᠲᠥᠪ ᠤᠨ ᠣᠯᠠᠨ ᠴᠢᠳᠠᠪᠬᠢᠲᠤ | ᠨᠡᠪᠳᠡᠷᠡᠭᠦᠯᠭᠡ ᠶᠢᠨ ᠲᠢᠩᠬᠢᠮ᠂ ᠵᠢᠯᠣᠭᠤᠳᠤᠨ ᠲᠣᠬᠢᠷᠠᠭᠤᠯᠬᠤ ᠲᠥᠪ᠂ ᠨᠡᠪᠲᠡᠷᠡᠭᠦᠯᠬᠦ ᠡᠵᠡᠮᠰᠢᠯ ᠤᠨ ᠲᠥᠪ᠂ ᠨᠠᠶᠢᠷᠠᠭᠤᠯᠬᠤ | ᠮᠠᠰᠢᠨ ᠤ ᠲᠠᠰᠤᠭ ᠵᠡᠷᠭᠡ ᠬᠠᠲᠠᠭᠤ ᠲᠣᠨᠤᠭ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ | ᠦᠵᠡᠪᠡ᠃ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ | ᠲᠠᠯᠠᠪᠤᠷ ᠲᠤ ᠦᠵᠡᠭᠦᠯᠬᠦ᠂ ᠲᠥᠪᠯᠡᠷᠡᠭᠦᠯᠦᠨ ᠠᠰᠠᠭᠤᠯᠲᠠ ᠲᠠᠯᠪᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠮ | ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠵᠢᠴᠢ ᠬᠠᠮᠢᠶ᠎ᠠ ᠪᠥᠬᠦᠶ ᠴᠢᠳᠠᠮᠵᠢᠳᠤ ᠣᠷᠣᠨ ᠤ ᠡᠵᠡᠩᠨᠡᠯᠳᠡ ᠶᠢᠨ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠢᠯᠭᠠᠨ ᠠᠪᠬᠤ ᠪᠠᠷᠢᠮᠵᠢᠶ᠎ᠠ ᠲᠠᠢ ᠬᠠᠷᠢᠴᠠᠭᠤᠯᠤᠨ ᠲᠤᠬᠠᠶᠢᠯᠠᠭᠰᠠᠨ ᠠᠵᠢᠯ ᠤᠨ | ᠵᠢᠯᠣᠭᠤᠳᠣᠯᠭ᠎ᠠ ᠬᠢᠪᠠ᠃ | | ᠰᠢᠯᠭᠠᠨ ᠬᠤᠷᠢᠶᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠹᠧᠩᠵᠧᠨ ᠬᠤᠲᠠ ᠶᠢᠨ ᠬᠠᠮ | ᠵᠠᠭᠤᠴᠢᠯᠠᠭᠤᠷ ᠤᠨ ᠲᠥᠪ ᠤᠨ ᠡᠯ᠎ᠡ ᠵᠠᠭᠤᠴᠢᠯᠠᠭᠤᠷ ᠤᠨ ᠲᠠᠪᠴᠠᠩ ᠤᠨ ᠠᠭᠤᠰᠤᠯᠴᠠᠯ ᠠᠩᠬ᠎ᠠ ᠠᠯᠬᠤᠮ ᠤᠨ ᠦᠷ᠎ᠡ | ᠪᠦᠲᠦᠮᠵᠢ ᠣᠯᠵᠤ᠂ ᠪᠠᠶᠢᠳᠠᠯ ᠰᠠᠶᠢᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠢᠯᠵᠢᠮᠡᠯ ᠬᠤᠯᠪᠣᠭ᠎ᠠ ᠪᠠᠷ ᠤᠷᠢᠳᠠᠪᠠᠷ | ᠬᠥᠭᠵᠢᠭᠦᠯᠬᠦ ᠴᠢᠭᠯᠡᠯ ᠢ ᠪᠠᠷᠢᠮᠲᠠᠯᠠᠵᠤ᠂ ᠰᠣᠨᠢᠨ ᠮᠡᠳᠡᠭᠡᠨ ᠤ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠥᠷᠭᠡᠳᠬᠡᠵᠦ | ᠂ ᠣᠯᠠᠨ ᠲᠦᠮᠡᠨ ᠢ ᠬᠦᠳᠦᠯᠦᠨ ᠵᠢᠯᠣᠭᠤᠳᠬᠤ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠬᠤ | ᠬᠡᠷᠡᠭᠲᠡᠶ︔ ᠠᠵᠢᠯ ᠤᠨ ᠤᠷᠮᠠᠰᠢᠭᠤᠯᠬᠤ ᠲᠣᠭᠲᠠᠴᠠ ᠶᠢ ᠰᠠᠶᠢᠲᠤᠷ ᠪᠠᠶᠢᠭᠤᠯᠵᠤ᠂ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠦ᠂ ᠴᠢᠳᠠᠪᠤᠷᠢᠲᠠᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠠᠮ ᠵᠠᠭᠤᠴᠢᠯᠠᠭᠤᠷ ᠤᠨ | ᠬᠥᠭᠵᠢᠯᠲᠡ ᠶᠢᠨ ᠴᠢᠰᠤ ᠪᠦᠲᠦᠭᠡᠬᠦ ᠴᠢᠳᠠᠮᠵᠢ ᠶᠢ ᠳᠡᠭᠡᠭᠰᠢᠯᠡᠭᠦᠯᠬᠦ ᠬᠡᠷᠡᠭᠲᠡᠶ᠃ ᠰᠢᠨ᠎ᠡ ᠶᠢ ᠡᠭᠦᠳᠬᠦ ᠤᠬᠠᠮᠰᠠᠷ ᠢᠶᠠᠨ | ᠴᠢᠩᠭᠠᠳᠬᠠᠵᠤ᠂ ᠰᠡᠳᠬᠢᠬᠦᠶ ᠪᠠ ᠦᠵᠡᠯᠲᠡ ᠪᠠᠨ ᠤᠯᠠᠮ ᠨᠢᠭᠡ ᠠᠯᠬᠤᠮ ᠬᠤᠪᠢᠷᠠᠭᠤᠯᠵᠦ᠂ ᠰᠢᠨ᠎ᠡ ᠰᠡᠳᠬᠢᠬᠦᠶ᠂ ᠰᠢᠨ᠎ᠡ | ᠠᠷᠭ᠎ᠠ ᠪᠠᠷᠢᠯ᠂ ᠰᠢᠨ᠎ᠡ ᠠᠷᠭ᠎ᠠ ᠬᠡᠯᠪᠡᠷᠢ ᠪᠠᠷ ᠤᠯᠠᠮᠵᠢᠯᠠᠯᠲᠤ ᠬᠢᠵᠠᠭᠠᠷᠯᠠᠯ ᠢ ᠡᠪᠳᠡᠵᠦ᠂ ᠰᠣᠨᠢᠨ ᠮᠡᠳᠡᠭᠡᠨ ᠤ ᠠᠵᠢᠯ ᠤᠨ | ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠶ᠃ ᠭᠠᠳᠠᠭᠠᠳᠤ ᠤᠬᠠᠭᠤᠯᠭ᠎ᠠ ᠶᠢᠨ ᠤᠬᠠᠮᠰᠠᠷ ᠢᠶᠠᠨ | ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠴᠢᠳᠠᠪᠤᠷᠢ ᠪᠠ ᠰᠢᠨ᠎ᠡ ᠵᠠᠭᠤᠴᠢᠯᠠᠭᠤᠷ ᠤᠨ | ᠤᠬᠠᠭᠤᠯᠭ᠎ᠠ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠭᠤᠣᠯ ᠬᠥᠭ ᠠᠶᠠᠰ ᠢ ᠪᠠᠳᠠᠷᠠᠭᠤᠯᠤᠨ᠂ ᠢᠳᠡᠪᠬᠢ | ᠡᠨᠧᠷᠭᠢ ᠶᠢ ᠤᠬᠠᠭᠤᠯᠤᠨ ᠲᠠᠷᠬᠠᠭᠠᠵᠦ᠂ ᠹᠧᠩᠵᠧᠨ ᠤ ᠦᠯᠢᠭᠡᠷ ᠢ ᠦᠨᠡᠨ ᠬᠦ ᠰᠠᠶᠢᠲᠤᠷ ᠶᠠᠷᠢᠵᠤ᠂ ᠹᠧᠩᠵᠧᠨ ᠤ ᠳᠠᠭᠤᠨ ᠢ | ᠰᠠᠶᠢᠲᠤᠷ ᠤᠯᠠᠮᠵᠢᠯᠠᠨ᠂ ᠣᠯᠠᠨ ᠲᠦᠮᠡᠨ ᠢ ᠨᠠᠩ ᠰᠠᠶᠢᠨ ᠬᠥᠲᠥᠯᠥᠨ ᠵᠢᠯᠣᠭᠤᠳᠴᠤ᠂ ᠤᠯᠠᠨ ᠲᠦᠮᠡᠨ ᠳᠤ ᠰᠠᠶᠢᠳᠤᠷ | ᠦᠢᠯᠡᠴᠢᠯᠡᠨ᠂ ᠬᠠᠲᠠᠭᠤ ᠲᠤᠨᠤᠭ᠂ ᠵᠥᠭᠡᠯᠡᠨ ᠲᠤᠨᠤᠭ᠂ ᠲᠦᠷᠢᠮ ᠵᠡᠷᠭᠡ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠦ᠂ ᠬᠠᠮ ᠵᠠᠭᠤᠴᠢᠯᠠᠭᠤᠷ ᠤᠨ ᠲᠥᠪ ᠢ ᠦᠨᠳᠦᠰᠦᠨ ᠱᠠᠲᠤᠨ ᠤ ᠭᠤᠤᠯ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ | ᠭᠠᠵᠠᠷ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠣᠯᠭᠠᠬᠤ ᠪᠠᠷ ᠴᠢᠷᠮᠠᠶᠢᠨ᠎ᠠ᠃ | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |