ᠬᠤᠳᠠ ᠶᠢᠨ ᠬᠤᠶᠢᠳᠤ ᠲᠣᠭᠤᠷᠢᠭ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ ᠠᠪᠬᠤ ᠬᠢᠷᠢ ᠬᠡᠮ ᠤᠨ ᠭᠡᠷᠡᠴᠢᠯᠡᠯ ᠥᠷᠨᠢᠭᠦᠯᠪᠡ
ᠨᠡᠶᠢᠲᠡᠯᠡᠭᠰᠡᠨ ᠴᠠᠭ᠄
2020-07-29
   ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠢ ᠬᠡᠪ ᠶᠣᠰᠣᠭᠠᠷ ᠣᠯᠭᠤᠬᠤ ᠪᠠ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠦᠯᠦᠭᠡ᠂ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠬᠠᠭᠤᠷᠮᠠᠭᠯᠠᠨ ᠠᠪᠬᠤ᠂ ᠮᠡᠬᠡᠯᠡᠨ ᠠᠪᠬᠤ᠂ ᠳᠠᠪᠬᠤᠷᠳᠠᠭᠤᠯᠤᠨ ᠠᠪᠬᠤ ᠦᠵᠡᠭᠳᠡᠯ ᠭᠠᠷᠬᠤ ᠶᠢ ᠰᠡᠷᠭᠡᠶᠢᠯᠡᠵᠦ᠂ ᠬᠤᠲᠠ ᠶᠢᠨ ᠨᠡᠶᠢᠭᠡᠮ ᠤᠨ ᠪᠠᠳᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠶᠢᠷ᠎ᠠ ᠳᠤ᠂ ᠬᠤᠳᠠ ᠶᠢᠨ ᠬᠤᠶᠢᠳᠦ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 2020 ᠣᠨ ᠤ ᠵᠢᠷᠠᠨ ᠨᠠᠰᠤᠨ ᠠᠴᠠ ᠳᠡᠭᠡᠭᠰᠢᠬᠢ ᠨᠠᠰᠤᠲᠠᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠠᠪᠬᠤ ᠬᠢᠷᠢ ᠬᠡᠮ ᠢ ᠭᠡᠷᠡᠴᠢᠯᠡᠬᠦ ᠠᠵᠢᠯ ᠢ ᠢᠳᠡᠪᠬᠢᠲᠡᠶ ᠥᠷᠨᠢᠭᠦᠯᠪᠡ᠃    ᠳᠠᠭᠠᠳᠬᠠᠯ ᠳᠤ ᠣᠷᠣᠯᠴᠠᠭᠰᠠᠨ ᠡᠲᠡᠭᠡᠳ ᠤᠨ ᠮᠡᠳᠡᠬᠦ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠳᠠᠭᠠᠳᠬᠠᠯ ᠳᠤ ᠣᠷᠣᠯᠴᠠᠭᠰᠠᠳ ᠨᠢᠭᠡᠪᠦᠷᠢ ᠬᠢᠷᠢ ᠬᠡᠮ ᠢ ᠭᠡᠷᠡᠴᠢᠯᠡᠬᠦ ᠠᠵᠢᠯ ᠳᠤ ᠢᠳᠡᠪᠬᠢᠲᠡᠢ ᠬᠠᠮᠵᠢᠯᠴᠠᠵᠤ᠂ ᠡᠯ᠎ᠡ ᠨᠡᠶᠢᠭᠡᠮ ᠲᠣᠭᠤᠷᠢᠭ ᠤᠨ ᠠᠵᠢᠯᠲᠠᠨ ᠳ᠋ᠢᠶᠠᠩᠬᠤᠸᠠ᠂ ᠸᠢᠴᠠᠲ ᠤᠨ ᠲᠠᠪᠴᠠᠩ᠂ ᠡᠷᠦᠬᠡ ᠳᠤ ᠣᠷᠣᠵᠤ ᠤᠬᠠᠭᠤᠯᠬᠤ ᠵᠡᠷᠭᠡ ᠬᠡᠯᠪᠡᠷᠢ ᠶᠢ ᠠᠰᠢᠭᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠣᠯᠭᠤᠮᠵᠢ ᠠᠪᠬᠤ ᠬᠥᠮᠦᠰ ᠲᠤ ᠭᠡᠷᠡᠴᠢᠯᠡᠯ ᠤᠨ ᠠᠵᠢᠯ ᠤᠨ ᠴᠢᠬᠤᠯᠠ ᠴᠢᠨᠠᠷ ᠪᠠ ᠭᠡᠷᠡᠴᠢᠯᠡᠯ ᠤᠨ ᠴᠤᠪᠤᠷᠠᠯ ᠢ ᠤᠬᠠᠭᠤᠯᠪᠠ᠃ ᠬᠢᠷᠢ ᠬᠡᠮ ᠢ ᠭᠡᠷᠡᠴᠢᠯᠡᠬᠦ ᠶᠠᠪᠤᠴᠠ ᠳᠤ᠂ ︽ᠲᠥᠪᠯᠡᠷᠡᠭᠦᠯᠦᠨ ᠭᠡᠷᠡᠴᠢᠯᠡᠬᠦ᠂ ᠬᠡᠷ ᠲᠤᠨᠢ ᠬᠦᠷᠴᠦ ᠭᠡᠷᠡᠴᠢᠯᠡᠬᠦ︾ ᠠᠷᠭ᠎ᠠ ᠮᠠᠶ᠋ᠢᠭ ᠢ ᠠᠪᠴᠤ᠂ ᠪᠡᠶ᠎ᠡ ᠮᠠᠬᠠᠪᠤᠳ ᠤᠨ ᠨᠥᠬᠦᠴᠡᠯ ᠢᠶᠠᠷ ᠰᠠᠶᠢᠨ᠂ ᠠᠵᠢᠯᠯᠠᠭ᠎ᠠ ᠨᠢ ᠲᠥᠬᠦᠮ ᠬᠥᠮᠦᠰ ᠢ ᠨᠡᠶᠢᠭᠡᠮ ᠲᠣᠭᠤᠷᠢᠭ ᠲᠤ ᠲᠥᠪᠯᠡᠷᠡᠭᠦᠯᠦᠨ ᠬᠡᠷᠡᠴᠢᠯᠡᠪᠡ︔ ᠵᠠᠷᠢᠮ ᠵᠡᠮᠳᠡᠭ᠂ ᠬᠦᠨᠳᠦ ᠡᠪᠡᠳᠴᠢᠨ ᠵᠡᠷᠭᠡ ᠣᠨᠴᠠᠭᠠᠶ ᠬᠥᠮᠦᠰ ᠲᠤ᠂ ᠠᠵᠢᠯᠲᠠᠨ ᠬᠡᠷ ᠲᠤᠨᠢ ᠣᠴᠢᠵᠤ᠂ ᠲᠤᠬᠠᠶ ᠶᠢᠨ ᠭᠠᠵᠠᠷ ᠲᠤᠨᠢ ᠭᠡᠷᠡᠴᠢᠯᠡᠪᠡ︔ ᠤᠷᠲᠤ ᠬᠤᠭᠤᠴᠠᠭ᠎ᠠ ᠭᠠᠳᠠᠨ᠎ᠠ ᠣᠷᠣᠨ ᠳᠤ ᠰᠠᠭᠤᠷᠢᠰᠢᠭᠰᠠᠨ ᠭᠡᠷ ᠤᠨ ᠵᠠᠯᠠᠭᠤᠴᠤᠳ ᠢ ᠭᠠᠷ ᠤᠲᠠᠰᠤᠨ ᠤ ᠬᠠᠷᠠᠭᠠᠨ ᠳᠠᠪᠲᠠᠮᠵᠢ ᠪᠠᠷ ᠳᠠᠮᠵᠢᠨ ᠭᠡᠷᠡᠴᠢᠯᠡᠬᠦ ᠶᠢ ᠬᠥᠲᠥᠯᠥᠨ ᠵᠢᠯᠣᠭᠤᠳᠴᠤ᠂ ᠭᠡᠷᠡᠴᠢᠯᠡᠬᠦ ᠠᠵᠢᠯ ᠳᠤ ᠨᠢᠭᠡ ᠬᠥᠮᠦᠨ ᠴᠦ ᠣᠷᠬᠢᠭᠳᠠᠭᠤᠯᠬᠤ ᠦᠭᠡᠶ ᠪᠠᠶᠢᠬᠤ ᠶᠢ ᠦᠨᠡᠨᠬᠦ  ᠪᠠᠳᠤᠯᠠᠪᠠ᠃                                       ᠤᠷᠴᠢᠭᠤᠯᠤᠬᠴᠢ᠄  ᠬᠠᠨ ᠰᠢᠶᠤᠤ ᠿᠦᠩ                                       ᠬᠢᠨᠠᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3