ᠹᠧᠩᠵᠧᠨ ᠬᠤᠲᠠ1.8 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠶᠢᠰᠦᠨ ᠰᠠᠷ᠎ᠠ ᠳᠤ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ
ᠨᠡᠶᠢᠲᠡᠯᠡᠭᠰᠡᠨ ᠴᠠᠭ᠄
2020-07-29
     ᠹᠧᠩᠵᠧᠨ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠬᠡᠪᠴᠢᠶ᠎ᠡ ᠨᠢ 1.8 ᠲᠦᠮᠡᠨ ᠮᠦ᠂ ᠶᠡᠷᠦᠩᠬᠡᠶ ᠪᠡᠯᠡ ᠣᠷᠣᠭᠤᠯᠤᠯᠲᠠ ᠨᠢ 2160 ᠲᠦᠮᠡᠨ ᠲᠥᠭᠦᠷᠢᠭ ᠪᠠᠶᠢᠵᠤ᠂ ᠰᠠᠨ ᠢ ᠴᠢᠤᠸᠠᠨ ᠪᠠᠯᠭᠠᠰᠤ᠂ ᠯᠦᠩ ᠱᠧᠩ ᠵᠤᠸᠠᠩ ᠪᠠᠯᠭᠠᠰᠤ᠂ ᠾᠧᠢ ᠲᠤ ᠲᠠᠢ ᠪᠠᠯᠭᠠᠰᠤ᠂ ᠶᠤᠸᠠᠨ ᠱᠠᠨ ᠽᠢ ᠰᠢᠶᠠᠩ ᠵᠡᠷᠭᠡ ᠲᠦᠷᠪᠡᠨ ᠰᠢᠶᠠᠩ ᠪᠠᠯᠭᠠᠰᠤᠨ ᠤ ᠲᠤᠯᠤᠭᠠᠨ ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠵᠤ᠂ ᠲᠥᠷᠥᠯ ᠵᠦᠢᠯ ᠢ ᠲᠠᠪᠤᠨ ᠬᠡᠰᠡᠭ ᠬᠤᠪᠢᠶᠠᠨ ᠬᠡᠷᠡᠭᠵᠢᠭᠦᠯᠦᠨ᠎ᠡ᠃ ᠣᠳᠣᠬᠠᠨ ᠳᠤ᠂ ᠭᠠᠵᠠᠷ ᠵᠦᠶ ᠶᠢᠨ ᠳᠠᠮᠵᠢᠭᠤᠯᠬᠤ ᠬᠤᠭᠤᠯᠠᠶ᠂ ᠭᠠᠵᠠᠷ ᠤᠨ ᠬᠦᠴᠦ ᠪᠠᠷ ᠪᠣᠷᠳᠣᠭᠤᠷ ᠣᠷᠣᠭᠤᠯᠬᠤ᠂ ᠰᠢᠨ᠎ᠡ ᠪᠠᠷ ᠪᠠᠶᠢᠭᠤᠯᠤᠭᠰᠠᠨ ᠬᠤᠳᠳᠤᠭ ᠤᠨ ᠪᠠᠶᠢᠰᠢᠩ ᠵᠡᠷᠭᠡ ᠶᠢᠨ ᠪᠦᠷᠢᠨ ᠪᠦᠲᠦᠨ ᠨᠣᠷᠮ᠎ᠠ ᠴᠥᠮ 99% ᠳᠤ ᠬᠦᠷᠴᠦ᠂ ᠬᠤᠭᠤᠯᠠᠶ ᠶᠢᠨ ᠲᠤᠰᠢ ᠲᠤᠯᠭᠠᠭᠤᠷ᠂ ᠮᠠᠰᠢᠨ ᠢᠶᠠᠷ ᠬᠠᠭᠠᠯᠪᠤᠷᠢᠯᠠᠬᠤ ᠵᠠᠮ᠂ ᠤᠰᠤ ᠲᠠᠲᠠᠷᠠᠭᠤᠯᠬᠤ ᠬᠤᠳᠳᠤᠭ᠂ PE ᠵᠥᠭᠡᠯᠡᠨ ᠪᠦᠰᠡ ᠵᠡᠷᠭᠡ ᠳᠠᠭᠤᠰᠤᠭᠠᠳᠤᠶ ᠢᠨᠵᠧᠨᠧᠷᠢᠩ ᠢ ᠶᠢᠰᠦᠳᠦᠭᠡᠷ ᠰᠠᠷ᠎ᠠ ᠶᠢᠨ ᠳᠤᠮᠳᠠᠴᠢ ᠪᠠᠷ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃                          ᠤᠷᠴᠢᠭᠤᠯᠤᠬᠴᠢ᠄  ᠬᠠᠨ ᠰᠢᠶᠤᠤ ᠿᠦᠩ                          ᠬᠢᠨᠠᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3