| ᠮᠠᠨ ᠤ ᠬᠤᠲᠠ ᠡᠯᠪᠡᠭ ᠪᠠᠶᠠᠯᠢᠭ ᠨᠡᠷᠡᠲᠦ ᠣᠨᠴᠠ ᠰᠢᠯᠢᠳᠡᠭ ᠪᠦᠲᠦᠭᠡᠭᠳᠡᠬᠦᠨ ᠤ ᠡᠬᠢ ᠪᠠᠶᠠᠯᠢᠭ ᠲᠤ ᠲᠦᠰᠢᠭᠯᠡᠨ᠂ | ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠪᠠ ᠪᠠᠷᠠᠭ᠎ᠠ ᠠᠪᠴᠤ ᠶᠠᠪᠤᠬᠤ ᠠᠵᠢᠯᠯᠠᠭ᠎ᠠ ᠶᠢ ᠢᠳᠡᠪᠬᠢᠲᠡᠢ ᠦᠷᠨᠢᠭᠦᠯᠵᠦ᠂ | ᠹᠧᠩᠵᠧᠨ ᠤ ᠣᠨᠴᠠᠯᠢᠭᠲᠤ ᠨᠡᠷᠡᠲᠦ ᠲᠡᠮᠳᠡᠭᠲᠦ ᠶᠢᠨ ᠨᠡᠷ᠎ᠡ ᠶᠢᠨ ᠬᠠᠭᠤᠳᠠᠰᠤ ᠶᠢ ᠬᠦᠴᠦᠯᠡᠨ ᠡᠭᠦᠳᠴᠦ᠂ ᠣᠷᠣᠨ | ᠪᠦᠰᠡ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ | ᠨᠠᠷᠠᠲᠤ ᠲᠡᠮᠳᠡᠭ ᠢᠶᠠᠷ ᠲᠠᠷᠢᠶᠠᠯᠠᠩ ᠢ ᠬᠦᠴᠦᠷᠭᠡᠭᠵᠢᠭᠦᠯᠬᠦ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠤ ᠬᠦᠴᠦᠨ ᠨᠠᠮᠡᠷᠢᠯᠡᠪᠡ᠃ | | 7 ᠰᠠᠷ᠎ᠠ ᠶᠢᠨ 24 ᠤ ᠡᠳᠦᠷ ᠤᠨ 19 ᠴᠠᠭ 30 ᠮᠢᠨᠦ᠋ᠲ ᠲᠤ᠂ ᠹᠧᠩᠵᠧᠨ ᠬᠤᠲᠠ ᠶᠢᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠲᠥᠪ ᠰᠠᠭᠤᠷᠢᠨ ᠭᠠᠵᠠᠷ ᠲᠤ ︽ᠠᠮᠲᠠ ᠰᠢᠮᠳᠡᠳᠤ ᠹᠧᠩᠵᠧᠨ᠂ ᠥᠪᠥᠷ | ᠮᠤᠩᠭᠤᠯ ᠠᠴᠠ ᠬᠤᠳᠠᠯᠳᠤᠨ ᠠᠪᠬᠤ ᠳᠤ ᠰᠠᠶᠢᠬᠠᠨ︾ ᠲᠠᠷᠢᠶᠠᠯᠠᠩ ᠤᠨ ᠣᠨᠴᠠ ᠭᠠᠷᠤᠯᠲᠠ ᠶᠢᠨ ᠨᠠᠷᠠᠲᠤ ᠲᠡᠮᠳᠡᠭᠲᠦ ᠶᠢ | ᠨᠡᠶᠢᠲᠡᠯᠡᠬᠦ ᠳᠠᠷᠤᠢ ᠭᠤᠤᠯ ᠨᠡᠪᠳᠡᠷᠡᠭᠦᠯᠦᠭᠴᠢ ᠪᠠᠷᠠᠭ᠎ᠠ ᠲᠠᠨᠢᠯᠴᠠᠭᠤᠯᠬᠤ ᠠᠵᠢᠯᠯᠠᠭ᠎ᠠ ᠶᠢ ᠰᠢᠭᠤᠳ ᠨᠡᠪᠲᠡᠷᠡᠭᠦᠯᠪᠡ᠃ | ᠭᠤᠣᠯ ᠨᠡᠪᠳᠡᠷᠡᠭᠦᠯᠬᠦ ᠠᠵᠢᠯᠯᠠᠭᠠᠨ ᠤ ᠳᠤᠮᠳᠠ᠂ ᠮᠠᠨ ᠤ ᠬᠤᠲᠠ ᠶᠢᠨ ᠵᠧᠨ ᠪᠠᠢ ᠨᠦᠩ᠂ ᠺᠠᠩ ᠮᠧᠶ᠂ ᠧᠨ ᠪᠦᠦ᠂ | ᠮᠠ ᠳ᠋ᠠ ᠬᠠ ᠵᠡᠷᠭᠡ ᠨᠡᠷᠡᠲᠦ ᠣᠨᠴᠠ ᠰᠢᠯᠢᠳᠡᠭ ᠪᠦᠳᠦᠭᠡᠭᠳᠡᠭᠦᠨ ᠡᠭᠡᠯᠵᠢᠯᠡᠨ ᠲᠠᠯᠠᠪᠤᠷ ᠳᠤ ᠭᠠᠷᠴᠤ᠂ ᠰᠦᠯᠵᠢᠶᠡᠨ ᠤ | ᠨᠡᠪᠳᠡᠷᠡᠭᠦᠯᠦᠭᠴᠢ ᠪᠠᠷ ᠪᠦᠳᠦᠭᠡᠭᠳᠡᠬᠦᠨ ᠢ ᠲᠠᠨᠢᠯᠴᠠᠭᠤᠯᠬᠤ ᠶᠢᠨ ᠬᠠᠮᠲᠤ ᠰᠢᠭᠤᠳ ᠨᠡᠪᠲᠡᠷᠡᠭᠦᠯᠭᠡ ᠶᠢᠨ ᠲᠠᠰᠤᠭ ᠤᠨ | ᠰᠦᠯᠵᠢᠶᠡᠨ ᠠᠨᠳᠠ ᠨᠠᠷ ᠲᠠᠢ ᠬᠠᠯᠠᠭᠤᠨ ᠢᠶᠠᠷ ᠰᠤᠯᠢᠯᠴᠠᠵᠦ᠂ ᠵᠧᠨ ᠪᠠᠢ ᠨᠦᠩ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ ᠵᠠᠩ ᠵᠢᠶᠠᠨ ᠰᠢᠨ ᠰᠢᠭᠤᠳ ᠨᠡᠪᠲᠡᠷᠡᠭᠦᠯᠭᠡ ᠶᠢᠨ ᠳᠠᠰᠤᠭ ᠲᠤ ᠰᠠᠭᠤᠵᠤ᠂ ᠦᠢᠯᠡᠳᠭᠦᠨ ᠲᠠᠨᠢᠯᠴᠠᠭᠤᠯᠬᠤ ᠳᠤ | ᠢᠳᠡᠪᠬᠢᠲᠡᠶ ᠣᠷᠣᠯᠴᠠᠪᠠ᠃ ᠠᠵᠢᠯᠯᠠᠭ᠎ᠠ ᠶᠢᠨ ᠠᠬᠤᠶ ᠲᠠᠯᠠᠪᠤᠷ ᠤᠨ ᠠᠭᠤᠷ ᠠᠮᠢᠰᠬᠤᠯ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠬᠤᠳᠠᠯᠳᠤᠨ ᠠᠪᠬᠤ ᠵᠢᠴᠢ ᠪᠣᠷᠣᠯᠠᠭᠤᠯᠬᠤ ᠠᠵᠢᠯ ᠴᠥᠮ ᠬᠥᠭᠵᠢᠶᠡᠨᠲᠡᠶ ᠪᠣᠯᠵᠣ᠂ ᠰᠢᠭᠤᠳ | ᠨᠡᠪᠳᠡᠷᠡᠭᠦᠯᠬᠦ ᠠᠵᠢᠯᠯᠠᠭ᠎ᠠ ᠵᠢᠱᠢᠭᠰᠡᠨ ᠦᠷ᠎ᠡ ᠪᠦᠲᠦᠮᠵᠢ ᠤᠯᠪᠠ᠃ | | ᠹᠧᠩᠵᠧᠨ ᠬᠤᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ᠰᠢᠭᠤᠳ | ᠨᠡᠪᠳᠡᠷᠡᠭᠦᠯᠭᠦ ᠰᠠᠭᠤᠷᠢᠨ ᠭᠠᠵᠠᠷ ᠤᠨ ᠰᠢᠭᠤᠳ ᠨᠡᠪᠲᠡᠷᠡᠭᠦᠯᠬᠦ ᠲᠠᠰᠤᠯᠭ᠎ᠠ ᠳᠤ ᠨᠡᠪᠲᠡᠷᠡᠭᠦᠯᠦᠭᠰᠡᠨᠨᠢ ᠹᠧᠩᠵᠧᠨ ᠬᠤᠲᠠ ᠶᠢᠨ | ᠠᠩᠬᠠᠳᠠᠭᠴᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠵᠢᠩᠬᠢᠨᠢ ᠪᠠᠷ | ᠡᠬᠢᠯᠡᠨ ᠨᠡᠪᠲᠡᠷᠡᠭᠦᠯᠦᠭᠰᠡᠨ ᠢ ᠬᠠᠷᠠᠭᠤᠯᠵᠤ ᠪᠠᠶᠢᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ | ᠲᠥᠪ ᠠᠴᠠ ︽ᠠᠵᠤ ᠦᠢᠯᠡᠰ ᠢᠶᠠᠷ ᠶᠠᠳᠠᠭᠤ ᠶᠢ ᠳᠡᠳᠭᠦᠭᠦ ᠶᠢ ᠠᠬᠢᠭᠤᠯᠬᠤ + ᠰᠢᠭᠤᠳ ᠨᠡᠪᠲᠡᠷᠡᠭᠦᠯᠬᠦ︾ ᠵᠠᠭᠪᠤᠷ ᠢ | ᠰᠦᠪᠡᠭᠴᠢᠯᠡᠨ ᠠᠬᠢᠭᠤᠯᠵᠤ᠂ ᠮᠠᠨ ᠤ ᠬᠤᠲᠠ ᠶᠢᠨ ᠤᠨᠴᠠᠯᠢᠭᠳᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠲᠦᠷᠭᠡᠨ ᠵᠠᠮ ᠳᠤ ᠣᠷᠣᠬᠤ ᠶᠢ ᠳᠠᠶᠢᠴᠢᠯᠠᠨ᠎ᠠ᠃ ᠰᠠᠭᠤᠷᠢᠨ ᠭᠠᠵᠠᠷ ᠤᠨ ᠰᠢᠨ᠎ᠡ ᠡᠭᠦᠳᠦᠯᠲᠡ ᠨᠢ ︽ᠬᠥᠮᠦᠨ ᠨᠢ | ᠰᠠᠭᠤᠷᠢᠨ ᠭᠠᠵᠠᠷ ᠲᠤ ᠰᠠᠭᠤᠬᠰᠠᠨ᠂ ᠪᠦᠬᠦ ᠪᠥᠮᠪᠥᠷᠴᠡᠭ ᠲᠤ ᠬᠠᠨᠳᠤᠭᠤᠯᠤᠨ ᠨᠡᠪᠲᠡᠷᠡᠭᠦᠯᠦᠭᠰᠡᠨ ︽ᠬᠥᠮᠦᠨ᠂ ᠪᠠᠷᠠᠭ᠎ᠠ᠂ | ᠲᠠᠯᠠᠪᠤᠷ︾ ᠤᠨ ᠪᠦᠬᠦ ᠲᠠᠯ ᠠ ᠪᠠᠷ ᠡᠵᠡᠩᠨᠡᠬᠦ ᠵᠠᠭᠪᠤᠷ ᠨᠢ ᠨᠡᠷᠡᠲᠦ ᠣᠨᠴᠠ ᠭᠠᠷᠤᠯᠲᠠ ᠶᠢᠨ ᠬᠤᠳᠠᠯᠳᠤᠭᠠᠴᠢᠨ᠂ | ᠬᠠᠩᠭᠠᠯᠭ᠎ᠠ ᠶᠢᠨ ᠬᠤᠳᠠᠯᠳᠤᠭᠠᠴᠢᠨ ᠳᠤ ︽ᠨᠢᠭᠡᠳᠦᠯᠲᠡᠶ ᠬᠢᠨᠠᠨ ᠬᠠᠮᠢᠶᠠᠷᠤᠯᠲᠠ︾᠂ ︽ᠨᠢᠭᠡᠳᠦᠯᠲᠡᠶ ᠦᠢᠯᠡᠴᠢᠯᠡᠭᠡ︾ | ᠬᠢᠵᠦ᠂ ᠹᠧᠩᠵᠧᠨ ᠤ ᠣᠨᠴᠠᠯᠢᠭᠲᠤ ᠠᠵᠤ ᠦᠢᠯᠡᠰ ᠤᠨ ᠰᠢᠨ᠎ᠡ ᠴᠠᠭ ᠣᠢᠶ᠎ᠠ ᠵᠢᠨᠰᠢᠨ᠎ᠡ ᠶᠢ ᠡᠭᠦᠳᠬᠦ ᠳᠤ ᠰᠢᠨ᠎ᠡ ᠵᠠᠮ | ᠨᠡᠭᠡᠭᠡᠨ ᠦᠭᠪᠡ᠃ ᠢᠷᠡᠵᠦ ᠰᠠᠭᠤᠭᠴᠢ ᠬᠤᠳᠠᠯᠳᠤᠭᠠᠴᠢᠳ ᠨᠠᠩ ᠣᠯᠠᠨ ᠬᠦᠷᠢᠶᠡᠨ ᠤ ᠰᠦᠯᠵᠢᠶᠡᠨ ᠤ ᠤᠷᠤᠰᠬᠠᠯ ᠤᠨ | ᠬᠡᠮᠵᠢᠶᠡᠨ ᠤ ᠳᠡᠮᠵᠢᠯᠭᠡ ᠶᠢ ᠣᠯᠵᠤ᠂ ᠭᠤᠤᠯ ᠨᠡᠪᠲᠡᠷᠡᠭᠦᠯᠦᠭᠴᠢ ᠶᠢ ᠬᠠᠪᠰᠤᠷᠤᠨ ᠨᠡᠩ ᠣᠯᠠᠨ ᠪᠠᠭ᠋ᠠᠷᠬᠠᠭᠴᠢ ᠶᠢᠨ | ᠠᠩᠬᠠᠷᠤᠯ ᠢ ᠲᠠᠲᠠᠵᠤ ᠬᠠᠮᠢᠶ᠎ᠠ ᠪᠦᠬᠦᠢ ᠲᠠᠷᠢᠶᠠᠯᠠᠩ ᠤᠨ ᠣᠨᠴᠠ ᠭᠠᠷᠤᠯᠲᠠ ᠶᠢᠨ ᠨᠡᠷ᠎ᠡ ᠲᠥᠷᠥ ᠪᠣᠯᠤᠨ ᠪᠣᠷᠣᠯᠠᠭᠤᠯᠭ᠎ᠠ ᠶᠢᠨ | ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠵᠦ᠂ | ᠠᠵᠤ ᠠᠬᠤᠶ ᠶᠢᠨ ᠬᠥᠭᠵᠢᠯᠲᠡ ᠶᠢ ᠠᠬᠢᠭᠤᠯᠪᠠ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |