ᠹᠧᠩᠵᠧᠨ ᠬᠤᠲᠠ ᠶᠢᠨ 1 — 6 ᠰᠠᠷ᠎ᠠ ᠳᠤ 45 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠨᠡᠶᠢᠲᠡ 117.6 ᠳ᠋ᠦᠩᠰᠢᠭᠤᠷ ᠲᠥᠭᠦᠷᠢᠭ ᠤᠨ ᠪᠣᠷᠣᠯᠠᠭᠤᠯᠤᠯᠲᠠ ᠶᠢᠨ ᠣᠷᠣᠯᠭ᠎ᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2020-07-31
     1 — 6 ᠰᠠᠷ᠎ᠠ ᠳᠤ᠂ ᠹᠧᠩᠵᠧᠨ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ 45 ᠠᠵᠤ ᠠᠬᠤᠶᠢᠯᠠᠯ ᠣᠳᠣ ᠶᠢᠨ ᠦᠨ᠎ᠡ ᠶᠢᠨ ᠦᠢᠯᠡᠳᠬᠦᠨ ᠤ ᠥᠷᠲᠡᠭ ᠢ 114 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠣᠷᠣᠯᠠᠭᠤᠯᠭ᠎ᠠ ᠶᠢᠨ ᠣᠷᠣᠯᠭ᠎ᠠ ᠶᠢ 117.6 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠵᠢᠯ ᠲᠥᠷᠥᠯ ᠬᠤᠪᠢᠶᠠᠭᠰᠠᠨ ᠠᠵᠢᠯᠯᠠᠭᠠᠨ ᠤ ᠪᠠᠶᠢᠳᠠᠯ᠄ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠤ ᠦᠢᠯᠡᠳᠪᠦᠷᠢ ᠶᠢᠨ ᠦᠢᠯᠡᠳᠭᠦᠨ ᠤ ᠥᠷᠲᠡᠭ ᠢ 16 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠣᠷᠣᠯᠠᠭᠤᠯᠤᠯᠲᠠ ᠶᠢᠨ ᠣᠷᠣᠯᠭ᠎ᠠ ᠶᠢ 16 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠨᠡᠶᠢᠲᠡ 6.5 ᠳ᠋ᠦᠩᠰᠢᠭᠤᠷ ᠲᠥᠭᠦᠷᠢᠭ ︵ᠡᠭᠦᠨ ᠤ ᠳᠣᠲᠣᠷ᠎ᠠ᠂ ᠹᠯᠣᠷᠲᠤ ᠬᠢᠮᠢ ᠶᠢᠨ ᠠᠵᠤ ᠦᠢᠯᠡᠳᠪᠦᠷᠢ 4.2 ᠳ᠋ᠦᠩᠰᠢᠭᠤᠷ ᠲᠥᠭᠦᠷᠢᠭ᠂ ᠴᠠᠬᠢᠯᠠᠭᠤᠷ ᠴᠢᠯᠠᠭᠤ 2.3 ᠳ᠋ᠦᠩᠰᠢᠭᠤᠷ ᠲᠦᠭᠦᠷᠢᠭ︶᠂ ᠪᠣᠷᠣᠯᠠᠭᠤᠯᠤᠯᠲᠠ ᠶᠢᠨ ᠣᠷᠣᠯᠭ᠎ᠠ ᠨᠢ 6.1 ᠳ᠋ᠦᠩᠰᠢᠭᠤᠷ ᠲᠥᠭᠦᠷᠢᠭ ︵ᠡᠭᠦᠨ ᠳᠤ ᠹᠯᠣᠷ ᠬᠢᠮᠢ ᠶᠢᠨ ᠠᠵᠤ ᠦᠢᠯᠡᠳᠪᠦᠷᠢ 3.7 ᠳ᠋ᠦᠩᠰᠢᠭᠤᠷ ᠲᠥᠭᠦᠷᠢᠭ᠂ ᠴᠠᠬᠢᠯᠤᠭᠤᠷ ᠴᠢᠯᠠᠭᠤ 2.2 ᠳ᠋ᠦᠩᠰᠢᠭᠤᠷ ᠲᠥᠭᠦᠷᠢᠭ᠂ ᠡᠯᠪᠡᠭ ᠬᠤᠷᠢᠶᠠᠯᠲᠠ ᠶᠢᠨ ᠪᠣᠷᠣᠯᠠᠭᠤᠯᠤᠯᠲᠠ ᠶᠢᠨ ᠣᠷᠣᠯᠭ᠎ᠠ 0.2 ᠳ᠋ᠦᠩᠰᠢᠭᠤᠷ ᠲᠥᠭᠦᠷᠢᠭ︶᠃ ᠲᠡᠮᠦᠷᠯᠢᠭ ᠬᠠᠶᠢᠯᠤᠭᠤᠯᠬᠤ ᠠᠵᠢᠯ ᠲᠥᠷᠥᠯ ᠨᠢ ᠠᠵᠤ ᠦᠢᠯᠡᠳᠪᠦᠷᠢ ᠶᠢᠨ ᠦᠢᠯᠡᠳᠭᠦᠨ ᠤ ᠶᠡᠷᠦᠩᠬᠡᠶ ᠥᠷᠲᠡᠭ ᠢ 87 ᠳ᠋ᠦᠩᠰᠢᠭᠤᠷ ᠲᠥᠭᠦᠷᠢᠭ᠂ ᠪᠣᠷᠣᠯᠠᠭᠤᠯᠤᠯᠲᠠ ᠶᠢᠨ ᠣᠷᠣᠯᠭ᠎ᠠ ᠶᠢ 90 ᠳ᠋ᠦᠩᠰᠢᠭᠤᠷ ᠲᠥᠭᠦᠷᠢᠭ ᠪᠡᠶᠡᠯᠡᠭᠦᠯᠪᠡ ᠃ ᠬᠥᠩᠭᠡᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠠᠵᠤ ᠦᠢᠯᠡᠳᠪᠦᠷᠢ ᠶᠢᠨ ᠦᠢᠯᠡᠳᠭᠦᠨ ᠤ ᠥᠷᠲᠡᠭ ᠢ ᠨᠡᠶᠢᠲᠡ 1.2 ᠳ᠋ᠦᠩᠰᠢᠭᠤᠷ ᠲᠥᠭᠦᠷᠢᠭ᠂ ᠪᠣᠷᠣᠯᠠᠭᠤᠯᠭ᠎ᠠ ᠶᠢᠨ ᠣᠷᠣᠯᠭ᠎ᠠ ᠶᠢ 1.4 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠥᠷᠥᠯ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 0.5 ᠳ᠋ᠦᠩᠰᠢᠭᠤᠷ ᠲᠥᠭᠦᠷᠢᠭ᠂ ᠪᠣᠷᠣᠯᠠᠭᠤᠯᠤᠯᠲᠠ ᠶᠢᠨ ᠣᠷᠣᠯᠭ᠎ᠠ ᠶᠢ 0.4 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠨᠡᠭᠦᠷᠡᠰᠦᠨ ᠡᠳ᠋ ᠤᠨ ᠠᠵᠢᠯ ᠲᠥᠷᠥᠯ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 2.5 ᠳ᠋ᠦᠩᠰᠢᠭᠤᠷ ᠲᠦᠭᠦᠷᠢᠭ᠂ ᠪᠣᠷᠣᠯᠠᠭᠤᠯᠭ᠎ᠠ ᠶᠢᠨ ᠣᠷᠣᠯᠭ᠎ᠠ ᠶᠢ 2.3 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠮᠧᠬᠠᠨᠢᠭ ᠦᠢᠯᠡᠳᠬᠦ ᠪᠠ ᠬᠠᠶᠠᠭᠳᠠᠮᠠᠯ ᠬᠠᠭᠤᠴᠢᠨ ᠢ ᠶᠡᠷᠦᠩᠬᠡᠶᠢᠯᠡᠨ ᠠᠰᠢᠭᠯᠠᠬᠤ ᠠᠵᠢᠯ ᠲᠥᠷᠥᠯ ᠤᠨ ᠠᠵᠤ ᠦᠢᠯᠡᠳᠪᠦᠷᠢ ᠶᠢᠨ ᠦᠢᠯᠡᠳᠭᠦᠨ ᠤ ᠥᠷᠲᠡᠭ ᠢ ᠨᠡᠶᠢᠲᠡ 0.3 ᠳ᠋ᠦᠩᠰᠢᠭᠤᠷ ᠲᠥᠭᠦᠷᠢᠭ᠂ ᠪᠤᠷᠤᠯᠠᠭᠤᠯᠭ᠎ᠠ ᠶᠢᠨ ᠣᠷᠣᠯᠭ᠎ᠠ ᠶᠢ1 ᠳ᠋ᠦᠩᠰᠢᠭᠤᠷ ᠲᠥᠭᠦᠷᠢᠭ ᠪᠡᠶᠡᠯᠡᠭᠦᠯᠪᠡ᠃                                 ᠤᠷᠴᠢᠭᠤᠯᠤᠭᠴᠢ᠄ ᠬᠠᠨ ᠰᠢᠶᠤᠤ ᠿᠦᠩ                                 ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3