ᠹᠧᠩᠵᠧᠨ ᠬᠤᠲᠠ ᠪᠦᠬᠦ ᠬᠤᠲᠠ ᠶᠢᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠤᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2020-07-31
     ᠪᠦᠬᠦ ᠬᠤᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠴᠠᠭᠠᠵᠠ ᠶᠢᠨ ᠬᠡᠪ ᠴᠢᠨᠠᠷ ᠢ ᠦᠨᠡᠨᠬᠦ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠶᠢᠨ ᠲᠦᠯᠦᠭᠡ᠂ 7 ᠰᠠᠷ᠎ᠠ ᠶᠢᠨ 28 ᠶᠢᠨ ᠦᠳᠡ ᠶᠢᠨ ᠡᠮᠦᠨ᠎ᠡ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠥᠬᠦ ᠬᠤᠲᠠ ᠶᠢᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠤᠯᠪᠠᠰᠤᠷᠠᠭᠤᠯᠤᠯ ᠤᠨ ᠠᠩᠭᠢ ᠶᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠸᠠᠩ ᠶᠤᠸᠠᠢ ᠺᠦᠶ ᠬᠤᠷᠠᠯ ᠡᠷᠬᠢᠯᠡᠵᠦ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ ᠸᠠᠩ ᠱᠦ ᠡᠦ᠂ ᠬᠤᠲᠠ ᠶᠢᠨ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ ᠤᠨ ᠳᠡᠳ᠋ ᠡᠷᠬᠢᠯᠡᠭᠴᠢ ᠼᠦᠢ ᠵᠢᠶᠦ᠋ᠨ ᠯᠢ ᠬᠤᠷᠠᠯ ᠳᠤ ᠣᠷᠣᠯᠴᠠᠵᠠᠶ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ ᠬᠤᠸᠠᠩ ᠵᠢᠶᠦ᠋ᠨ ᠾᠧᠩ ᠤᠯᠠᠨ ᠳᠤ ᠬᠢᠴᠢᠶᠡᠯ ᠣᠷᠣᠪᠠ᠃ ᠪᠥᠬᠦ ᠬᠤᠲᠠ ᠶᠢᠨ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠢᠴᠢ ᠬᠤᠲᠠ ᠶᠢᠨ ᠲᠣᠭᠤᠷᠢᠭ ᠤᠨ ᠨᠠᠢᠮᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠳᠤ ᠨᠡᠶᠢᠳᠠ ᠭᠤᠷᠪᠠᠨ ᠵᠠᠭᠤ ᠭᠠᠷᠤᠶ ᠬᠥᠮᠦᠨ ᠲᠣᠰ ᠤᠳᠠᠭᠠᠨ ᠤ ᠪᠣᠯᠪᠠᠰᠤᠷᠠᠭᠤᠯᠤᠯ ᠳᠤ ᠤᠷᠤᠯᠴᠠᠪᠠ᠃
   ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠬᠤᠸᠠᠩ ᠵᠢᠶᠦ᠋ᠨ ᠾᠧᠩ ᠥᠪᠡᠷ ᠤᠨ ᠣᠯᠠᠨ ᠵᠢᠯ ᠤᠨ ᠲᠤᠷᠰᠢᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠵᠢᠯᠣᠭᠤᠳᠣᠯᠭ᠎ᠠ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠳᠥᠷᠪᠡᠨ ᠲᠠᠯ᠎ᠠ ᠪᠠᠷ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠠᠪᠤᠪᠠᠯ ᠵᠣᠬᠢᠬᠤ ᠠᠷᠭ᠎ᠠ ᠮᠠᠶ᠋ᠢᠭ ᠪᠠ ᠠᠩᠬᠠᠷᠬᠤ ᠴᠢᠬᠤᠯᠠᠳᠠᠢ ᠠᠰᠠᠭᠤᠳᠠᠯ ᠢ ᠠᠮᠢᠳᠤᠯᠢᠭ ᠪᠣᠳᠠᠲᠠᠶ ᠲᠣᠳᠣᠷᠬᠠᠶᠢᠯᠠᠨ ᠥᠭᠦᠯᠡᠵᠦ᠂ ᠡᠨᠡ ᠨᠢ ᠮᠠᠰᠢ ᠴᠢᠩᠭ᠎ᠠ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ᠃
   ᠲᠣᠰ ᠤᠳᠠᠭᠠᠨ ᠤ ᠪᠦᠬᠦ ᠬᠤᠲᠠ ᠶᠢᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ  ᠪᠤᠯᠪᠠᠰᠤᠷᠠᠭᠤᠯᠤᠯ ᠤᠨ ᠠᠩᠭᠢ ᠪᠠᠷ ᠳᠠᠮᠵᠢᠨ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯ ᠤᠬᠠᠮᠰᠠᠷ ᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠳᠤ ᠰᠠᠶᠢᠨ ᠰᠠᠶᠢᠬᠠᠨ ᠰᠠᠭᠤᠷᠢ ᠲᠠᠯᠪᠢᠵᠤ᠂ ᠨᠡᠯᠢᠶᠡᠳ ᠰᠠᠶᠢᠨ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠣᠯᠤᠭᠰᠠᠨ ᠪᠠᠶᠢᠨ᠎ᠠ᠃                                                  ᠵᠤᠬᠢᠶᠠᠭᠴᠢ᠄ ᠿᠧᠨ ᠵᠢᠶᠦ᠋ᠨ ᠵᠢᠶᠧ                                                  ᠤᠷᠴᠢᠭᠤᠯᠤᠭᠴᠢ᠄ ᠬᠠᠨ ᠰᠢᠶᠤᠤ ᠿᠦᠩ                                                  ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3