ᠹᠧᠩᠵᠧᠨ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠶ ᠶᠢᠨ ᠲᠣᠤᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠷᠤᠭᠰᠢᠲᠠᠶ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2020-08-13
   ᠬᠦᠷᠢᠶᠡᠯᠡᠩ ᠲᠣᠭᠤᠷᠢᠭ ᠤᠨ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠳᠠ᠂ ᠹᠧᠩᠵᠧᠨ ᠬᠤᠲᠠ ᠵᠡᠭᠦᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠠᠴᠠ ᠪᠠᠷᠠᠭᠤᠨ ᠬᠦᠷᠢᠶᠡᠯᠡᠩ ᠲᠣᠭᠤᠷᠢᠭ ᠬᠦᠷᠲᠡᠯᠡᠬᠢ ᠡᠯ᠎ᠡ ᠦᠢᠯᠡᠳᠪᠦᠷᠢᠯᠡᠯ ᠤᠨ ᠠᠵᠤ ᠠᠬᠤᠶᠢᠯᠠᠯ ᠤᠨ ᠳᠤᠮᠳᠠ ᠤᠰᠤ ᠵᠢᠴᠢ ᠭᠠᠳᠠᠭᠰᠢᠯᠠᠭᠤᠯᠬᠤ ᠪᠣᠬᠢᠷ ᠤᠰᠤ ᠶᠢ ᠪᠤᠴᠠᠭᠠᠨ ᠬᠡᠷᠡᠭᠯᠡᠬᠦ ᠲᠡᠭᠡᠭᠡᠪᠦᠷᠢ ᠶᠢᠨ ᠲᠣᠤᠷ ᠤᠨ ᠪᠠᠷᠢᠯᠭ᠎ᠠ ᠶᠢ ᠳᠡᠪᠢᠰᠬᠦ ᠪᠠᠷ ᠲᠥᠯᠥᠪᠯᠡᠵᠦ ᠪᠠᠶᠢᠨ᠎ᠠ᠃ ᠲᠤᠰ ᠲᠥᠰᠦᠯ ᠳᠤ ᠬᠤᠶᠠᠷ ᠵᠦᠢᠯ ᠤᠨ DN400-DN450 ᠬᠤᠭᠤᠯᠠᠶ ᠱᠤᠭᠤᠮ ᠵᠢᠷᠤᠵᠤ ᠲᠥᠯᠥᠪᠯᠡᠬᠦ ᠪᠠᠷ ᠪᠠᠶᠢᠵᠦ᠂ ᠭᠠᠭᠴᠠ ᠵᠤᠷᠪᠤᠰ ᠬᠤᠭᠤᠯᠠᠶ ᠤᠲᠠᠰᠤᠨ ᠤ ᠣᠷᠳᠣ ᠨᠢ 16.7 ᠺᠢᠯᠣᠮᠧᠲᠷ᠂ ᠬᠤᠭᠤᠯᠠᠶ ᠤᠲᠠᠰᠤᠨ ᠤ ᠶᠡᠷᠦᠩᠬᠡᠶ ᠣᠷᠳᠣ ᠨᠢ 33.4 ᠺᠢᠯᠣᠮᠧᠲᠷ᠂ ᠡᠭᠦᠨ ᠤ ᠬᠠᠮᠲᠤ ᠤᠰᠤ ᠳᠠᠮᠵᠢᠭᠤᠯᠬᠤ ᠳᠠᠷᠤᠯᠲᠠ ᠨᠡᠮᠡᠭᠳᠡᠭᠦᠯᠬᠦ ᠥᠷᠲᠡᠭᠡ ᠵᠡᠷᠭᠡ ᠳᠠᠭᠠᠯᠲᠠ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ ᠣᠳᠣᠬᠠᠨ ᠳᠤ᠂ ᠡᠮᠦᠨᠡᠬᠢ ᠬᠤᠭᠤᠴᠠᠭᠠᠨ ᠤ ᠢᠨᠵᠧᠨᠧᠷᠢᠩ ᠨᠢᠭᠡᠨᠲᠡ ᠠᠵᠢᠯ ᠢᠶᠠᠨ ᠡᠬᠢᠯᠡᠭᠦᠯᠵᠦ᠂ ᠪᠠᠷᠠᠭᠤᠨ ᠬᠦᠷᠢᠶᠡᠯᠡᠩ ᠲᠣᠭᠤᠷᠢᠭ ᠲᠤ ᠪᠦᠬᠦ ᠤᠷᠲᠤ ᠨᠢ 5.4 ᠺᠢᠯᠣᠮᠧᠲᠷ ᠤᠨ ᠳᠤᠮᠳᠠ ᠤᠰᠤᠨ ᠬᠤᠭᠤᠯᠠᠶ ᠶᠢ ᠪᠦᠳᠦᠭᠡᠨ ᠪᠠᠶᠢᠭᠤᠯᠬᠤ ᠪᠠᠷ ᠪᠠᠶᠢᠵᠦ᠂ ᠣᠳᠣ ᠨᠢᠭᠡᠨᠲᠡ 1.9 ᠺᠢᠯᠣᠮᠧᠲᠷ ᠢ ᠲᠡᠪᠢᠰᠦᠭᠰᠡᠨ ᠪᠠ ᠬᠠᠷᠠᠭᠠᠯᠵᠠᠭᠰᠠᠨ ᠨᠡᠭᠡᠯᠡᠬᠡᠶ᠂ ᠪᠠᠶᠢᠴᠠᠭᠠᠬᠤ ᠬᠤᠳᠳᠤᠭ ᠤᠬᠰᠠᠷᠠᠪᠠ᠃                            ᠤᠷᠴᠢᠭᠤᠯᠤᠭᠴᠢ᠄ ᠬᠠᠨ ᠰᠢᠶᠤᠤ ᠿᠦᠩ                            ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3