ᠹᠧᠩᠵᠧᠨ ᠬᠤᠲᠠ 1 — 7 ᠳ᠋ᠤᠭᠠᠷ ᠰᠠᠷ᠎ᠠ ᠳᠤ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠨᠡᠮᠡᠭᠳᠡᠯ ᠥᠷᠲᠡᠭ ᠤᠨ ᠭᠠᠶᠢᠯᠢ ᠶᠢ ᠨᠡᠶᠢᠲᠡ 8761 ᠲᠦᠮᠡᠨ ᠲᠥᠭᠦᠷᠢᠭ ᠬᠥᠮᠥᠷᠭᠡ ᠳᠤ ᠣᠷᠣᠭᠤᠯᠪᠠ
ᠨᠡᠶᠢᠲᠡᠯᠡᠭᠰᠡᠨ ᠴᠠᠭ᠄
2020-08-13
   1-7 ᠰᠠᠷ᠎ᠠ ᠳᠤ᠂ ᠹᠧᠩᠵᠧᠨ ᠬᠤᠲᠠ ᠶᠢᠨ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠨᠡᠮᠡᠭᠳᠡᠯ ᠥᠷᠲᠡᠭ ᠤᠨ ᠭᠠᠶᠢᠯᠢ 8761 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5588 ᠲᠦᠮᠡᠨ ᠲᠥᠭᠦᠷᠢᠭ ᠬᠠᠰᠤᠬᠳᠠᠵᠦ᠂ 38.94% ᠪᠠᠷ ᠪᠠᠭᠤᠷᠠᠪᠠ᠃ ᠡᠭᠦᠨ ᠤ ᠳᠣᠲᠣᠷ᠎ᠠ᠄ ᠵᠢᠩ ᠯᠦᠩ ᠴᠠᠬᠢᠯᠭᠠᠨ ᠭᠠᠷᠭᠠᠬᠤ ᠦᠢᠯᠡᠳᠪᠦᠷᠢ ᠶᠢᠨ ᠬᠥᠮᠥᠷᠭᠡ ᠳᠤ ᠣᠷᠣᠭᠤᠯᠤᠭᠰᠠᠨ ᠭᠠᠶᠢᠯᠢ ᠶᠢᠨ ᠣᠷᠣᠯᠭ᠎ᠠ ᠨᠡᠶᠢᠲᠡ 1812 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 4701 ᠲᠦᠮᠡᠨ ᠲᠥᠭᠦᠷᠢᠭ  ᠬᠠᠰᠤᠬᠳᠠᠵᠦ᠂ 72.18% ᠪᠠᠷ ᠪᠠᠭᠤᠷᠠᠪᠠ︔ ᠴᠠᠬᠢᠯᠭᠠᠨ ᠬᠠᠩᠭᠠᠬᠤ ᠠᠵᠤ ᠠᠬᠤᠶᠢᠯᠠᠯ ᠨᠡᠶᠢᠲᠡ 3945 ᠲᠦᠮᠡᠨ ᠲᠥᠭᠦᠷᠢᠭ ᠤᠨ ᠭᠠᠶᠢᠯᠢ ᠲᠠᠲᠠᠪᠤᠷᠢ ᠶᠢ  ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 256 ᠲᠦᠮᠡᠨ ᠲᠥᠭᠦᠷᠢᠭ ᠬᠠᠰᠤᠬᠳᠠᠵᠦ᠂ 6.09%  ᠪᠠᠷ ᠪᠠᠭᠤᠷᠠᠪᠠ︔ ᠰᠢᠨ ᠹᠧᠩ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠨᠡᠶᠢᠲᠡ 1840 ᠲᠦᠮᠡᠨ ᠲᠥᠭᠦᠷᠢᠭ ᠤᠨ ᠭᠠᠶᠢᠯᠢ ᠳᠠᠳᠠᠪᠤᠷᠢ ᠬᠤᠷᠢᠶᠠᠵᠤ᠂ ᠠᠳᠠᠯᠢ ᠬᠤᠭᠤᠴᠠᠭᠠᠨ ᠤ ᠬᠢ ᠠᠴᠠ 660 ᠲᠦᠮᠡᠨ ᠲᠥᠭᠦᠷᠢᠭ ᠬᠠᠰᠤᠬᠳᠠᠵᠦ᠂ 26.4% ᠪᠠᠷ ᠪᠠᠭᠤᠷᠠᠪᠠ︔ ᠹᠧᠩ ᠳ᠋ᠢᠶᠠᠨ ᠡᠨᠧᠷᠭᠢ ᠶᠢᠨ ᠴᠠᠬᠢᠯᠭᠠᠨ ᠭᠠᠷᠭᠠᠬᠤ ᠨᠢ ᠨᠡᠶᠢᠲᠡ 1019 ᠲᠦᠮᠡᠨ ᠲᠥᠭᠦᠷᠢᠭ ᠤᠨ ᠭᠠᠶᠢᠯᠢ ᠶᠢᠨ ᠣᠷᠣᠯᠭ᠎ᠠ ᠲᠠᠢ᠂ ᠠᠳᠠᠯᠢ ᠬᠤᠭᠤᠴᠠᠭᠠᠨ ᠤ ᠬᠢ ᠠᠴᠠ 39 ᠲᠦᠮᠡᠨ ᠲᠥᠭᠦᠷᠢᠭ ᠬᠠᠰᠤᠬᠳᠠᠵᠦ᠂ 3.69% ᠪᠠᠷ ᠪᠠᠭᠤᠷᠠᠪᠠ︔ ᠳᠤᠮᠳᠠᠳᠤ ᠤᠯᠤᠰ ᠤᠨ ᠡᠨᠧᠷᠭᠢ ᠠᠷᠪᠢᠯᠠᠬᠤ ᠨᠡᠷᠡᠨ ᠡᠨᠧᠷᠭᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠮᠥᠷᠭᠡ ᠳᠤ ᠤᠷᠤᠭᠰᠠᠨ ᠭᠠᠶᠢᠯᠢ ᠨᠡᠶᠢᠲᠡ 145 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 68 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ 88.31% ᠪᠠᠷ ᠨᠡᠮᠡᠭᠳᠡᠪᠡ᠃                                   ᠤᠷᠴᠢᠭᠤᠯᠤᠭᠴᠢ᠄ ᠬᠠᠨ ᠰᠢᠶᠤᠤ ᠿᠦᠩ                                 ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3