| 8 ᠳ᠋ᠤᠭᠠᠷ ᠰᠠᠷ᠎ᠠ ᠶᠢᠨ 9 ᠤ ᠡᠳᠦᠷ᠂ ᠤᠯᠠᠭᠠᠨᠴᠠᠪ ᠬᠤᠲᠠ ᠶᠢᠨ ᠹᠧᠩᠴᠤᠸᠠᠨ ᠤ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢ ᠱᠣ᠋ ᠸᠧᠶ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ | ᠰᠢᠶᠣᠤ ᠯᠢ᠂ ᠬᠤᠲᠠ ᠵᠢᠨᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠸᠠᠩ ᠯᠢ ᠧᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠠᠶ ᠱᠤᠸᠠᠨ | ᠫᠠᠶᠢᠰᠠ ᠰᠡᠬᠦᠬᠦ ᠶᠤᠰᠤᠯᠠᠯ ᠳᠤ ᠣᠷᠣᠯᠴᠠᠵᠤ᠂ ᠬᠡᠰᠡᠭ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠰᠢᠶᠠᠩ ᠪᠠᠯᠭᠠᠰᠤ᠂ | ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠨᠠᠷ ᠶᠣᠰᠣᠯᠠᠯ ᠳᠤ ᠤᠷᠤᠯᠴᠠᠪᠠ᠃ | | ᠯᠢ ᠱᠣ᠋ ᠸᠧᠶ ᠶᠠᠷᠢᠶᠠᠨ ᠳᠠᠭᠠᠨ᠂ ᠣᠳᠣ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠰᠢᠨ᠎ᠡ | ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ ᠠᠵᠠ ᠲᠣᠬᠢᠶᠠᠯ ᠪᠠ ᠥᠷᠢᠰᠥᠯᠳᠦᠭᠡᠨ ᠵᠡᠷᠭᠡᠪᠡᠷ ᠣᠷᠣᠰᠢᠵᠤ᠂ | ᠬᠤᠶᠢᠰᠢᠳᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠨ᠎ᠠ᠃ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠡᠭᠦᠷᠭᠡ ᠪᠠᠨ ᠭᠦᠢᠴᠡᠳᠭᠡᠬᠦ ᠬᠡᠷᠡᠭᠳᠡᠢ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ | ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ | ᠮᠠᠨ ᠤ ᠠᠵᠢᠯᠴᠢ ᠬᠥᠳᠡᠯᠮᠦᠷᠢᠴᠢ ᠪᠠ ᠣᠶᠤᠨ ᠤᠬᠠᠭᠠᠨ ᠢᠶᠠᠷ ᠢᠶᠠᠨ ᠹᠧᠩᠵᠧᠨ ᠬᠤᠳᠠ ᠶᠢᠨ ᠠᠷᠠᠳ ᠲᠦᠮᠡᠨ ᠳᠤ | ᠣᠷᠣᠰᠢᠨ ᠠᠮᠢᠳᠤᠷᠠᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃ ᠰᠢᠯᠢᠳᠡᠭ | ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ | ᠪᠦᠬᠦ ᠬᠤᠲᠠ ᠶᠢᠨ ᠠᠷᠠᠳ ᠲᠦᠮᠡᠨ ᠠᠴᠠ ᠣᠯᠭᠤᠭᠰᠠᠨ ᠬᠦᠨᠳᠦ ᠡᠭᠦᠷᠭᠡ ᠶᠢ ᠦᠨᠡᠨ ᠬᠦ ᠡᠭᠦᠷᠭᠡᠯᠡᠬᠦ ᠬᠡᠷᠡᠭᠲᠡᠢ᠃ ᠲᠣᠰ | ᠪᠡᠶ᠎ᠡ ᠶᠢᠨ ᠳᠦᠷᠢ ᠲᠥᠷᠬᠦ ᠪᠠᠨ ᠰᠠᠶᠢᠲᠤᠷ ᠪᠣᠶ ᠪᠣᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ | ᠦᠨᠡᠨ ᠬᠦ ᠪᠣᠳᠠᠲᠠᠶ ᠬᠢᠵᠦ᠂ ᠨᠠᠷᠢᠯᠢᠭ ᠬᠢᠵᠦ᠂ ᠦᠷ᠎ᠡ ᠪᠦᠲᠦᠮᠵᠢ ᠭᠠᠷᠭᠠᠬᠤ ᠬᠡᠷᠡᠭᠲᠡᠶ ᠬᠡᠵᠦ ᠱᠠᠭᠠᠷᠳᠠᠪᠠ᠃ | | ᠯᠢ ᠱᠦ ᠸᠧᠶ᠂ ᠳ᠋ᠧᠩ ᠰᠢᠶᠤᠤ ᠯᠢ᠂ ᠸᠠᠩ ᠯᠢ ᠧᠨ᠂ ᠸᠠᠩ ᠯᠠᠶ ᠱᠤᠸᠠᠨ ᠨᠠᠷ ᠤᠯᠠᠭᠠᠨᠴᠠᠪ ᠬᠤᠲᠠ ᠶᠢᠨ | ᠹᠧᠩᠴᠤᠸᠠᠨ ᠤ ᠤᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠫᠠᠶᠢᠰᠠ ᠶᠢ | ᠰᠡᠬᠦᠪᠡ᠃ | ᠤᠯᠠᠭᠠᠨᠴᠠᠪ ᠬᠤᠲᠠ ᠶᠢᠨ ᠹᠧᠩᠴᠤᠸᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠵᠠᠭᠠᠷᠲᠤ | ᠬᠠᠷᠢᠭᠤᠴᠠᠯᠭᠠᠳᠤ ᠺᠣᠮᠫᠠᠨᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠢᠯᠢᠳᠡᠭ ᠠᠵᠢᠯᠴᠢᠨ ᠤ ᠲᠥᠯᠥᠭᠡᠯᠡᠭᠴᠢ | ᠬᠠᠮᠳᠤ ᠪᠠᠷ ᠲᠠᠩᠭᠠᠷᠢᠭᠯᠠᠪᠠ᠃ | | ᠤᠯᠠᠭᠠᠨᠴᠠᠪ ᠬᠤᠲᠠ ᠶᠢᠨ ᠹᠧᠩᠴᠤᠸᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠪᠠᠶᠢᠭᠤᠯᠤᠭᠳᠠᠭᠰᠠᠨ ᠨᠢ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ | ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠮᠢ | ᠪᠡᠶ᠎ᠡ ᠶᠢᠨ ᠠᠰᠢᠭ ᠲᠤᠰᠠ ᠶᠢ ᠪᠠᠲᠤᠯᠠᠬᠤ ᠪᠠᠷ ᠡᠭᠦᠰᠦᠯᠲᠡ ᠪᠣᠯᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠭᠦ ᠪᠠ ᠠᠷᠠᠳ ᠤᠨ ᠠᠮᠢᠳᠤᠷᠠᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠳᠤ ᠠᠮᠢᠵᠢᠷᠠᠯ ᠤᠨ ᠬᠦᠴᠦᠨ ᠨᠡᠮᠡᠷᠢᠯᠡᠪᠡ᠃ ᠺᠣᠮᠫᠠᠨᠢ ᠫᠠᠶᠢᠰᠠ ᠡᠯᠭᠦᠨ ᠪᠠᠶᠢᠭᠤᠯᠤᠭᠳᠠᠭᠰᠠᠨ ᠤ ᠳᠠᠷᠠᠭ᠎ᠠ᠂ | ᠥᠷᠭᠡᠨ ᠣᠯᠠᠨ ᠺᠠᠲᠠᠷ ᠠᠵᠢᠯᠲᠠᠨ ᠠᠵᠢᠯᠴᠢᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠬᠦ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠡᠪᠡᠷ ᠲᠡᠭᠰᠢ ᠦᠷ᠎ᠡ ᠪᠦᠲᠦᠮᠵᠢ ᠣᠯᠵᠤ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠪᠣᠯᠤᠨ ᠪᠦᠬᠦ ᠬᠤᠲᠠ ᠶᠢᠨ ᠠᠷᠠᠳ ᠲᠦᠮᠡᠨ ᠠᠴᠠ ᠣᠯᠭᠤᠭᠰᠠᠨ ᠬᠦᠨᠳᠦ ᠡᠭᠦᠷᠭᠡ ᠶᠢ | ᠦᠨᠡᠨᠬᠦ ᠡᠬᠦᠷᠬᠡᠯᠡᠨ᠂ ᠬᠤᠲᠠ ᠶᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ | ᠰᠠᠶᠢᠵᠢᠷᠠᠭᠤᠯᠵᠤ᠂ ︽ᠦᠵᠡᠰᠬᠦᠯᠡᠩᠲᠦ ᠰᠠᠶᠢᠬᠠᠨ ᠹᠧᠩᠵᠧᠨ︾ ᠢ ᠴᠢᠷᠮᠠᠶᠢᠨ ᠴᠣᠭᠴᠠᠯᠠᠬᠤ ᠳᠤ ᠬᠦᠴᠦᠨ ᠴᠢᠳᠠᠯ ᠢᠶᠠᠨ | ᠡᠷᠬᠦᠨ᠎ᠡ︕ | | ᠵᠣᠬᠢᠶᠠᠭᠴᠢ᠄ ᠵᠧᠤ ᠱᠣᠤ ᠬᠤᠸᠠ ᠵᠢᠶᠠ ᠯᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | |