︽ᠹᠧᠩᠵᠧᠨ ᠬᠤᠲᠠ ᠶᠢᠨ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠬᠡᠷᠡᠭᠵᠢᠭᠦᠯᠬᠦ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020/8/28
     2020 ᠣᠨ ᠤ 7 ᠰᠠᠷ᠎ᠠ ᠶᠢᠨ 20 ᠤ ᠡᠳᠦᠷ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠹᠧᠩᠵᠧᠨ ᠬᠤᠲᠠ ᠶᠢᠨ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠳᠠᠰᠤᠨ ᠤ ᠠᠵᠢᠯ ᠤᠨ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ᠃︶ ᠢ ᠬᠡᠪᠯᠡᠨ ᠲᠠᠷᠬᠠᠭᠠᠵᠤ᠂ ᠬᠤᠲᠠ ᠶᠢᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠬᠡᠷ ︽ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠨ᠎ᠠ᠃    ᠨᠢᠬᠡ᠂ ︽ᠲᠥᠰᠦᠯ︾ ᠢ ᠨᠡᠶᠢᠲᠡᠯᠡᠭᠰᠡᠨ ᠠᠬᠤᠶ ᠪᠠᠶᠢᠳᠠᠯ ᠪᠠ ᠠᠴᠢ ᠬᠤᠯᠪᠣᠭᠳᠠᠯ    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠣᠯᠠᠨ ᠲᠦᠮᠡᠨ ᠤ ᠠᠵᠢᠯ ᠢ ᠰᠠᠶᠢᠲᠤᠷ ᠬᠢᠬᠦ᠂ ᠠᠷᠠᠳᠴᠢᠯᠠᠯ ᠤᠨ ᠠᠷᠭ᠎ᠠ ᠵᠠᠮ ᠢ ᠰᠢᠯᠤᠭᠤᠳᠬᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠱᠠᠭᠠᠷᠳᠠᠯᠭ᠎ᠠ ᠶᠢ ᠨᠠᠶᠢᠳᠠᠪᠦᠷᠢᠵᠢᠭᠤᠯᠬᠤ ᠶᠢᠨ ᠲᠦᠯᠦᠬᠡ12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠢ ᠪᠠᠶᠢᠭᠤᠯᠪᠠ᠃    12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠪᠣᠯ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠬᠤᠯᠠ ᠲᠠᠪᠴᠠᠩ ᠪᠣᠯᠤᠨ ᠠᠷᠠᠳ ᠲᠦᠮᠡᠨ ᠳᠤ ᠦᠢᠯᠡᠴᠢᠯᠡᠬᠦ ᠴᠢᠬᠤᠯᠠ ᠠᠷᠭ᠎ᠠ ᠵᠠᠮ ᠮᠦᠷᠳᠡᠭᠡᠨ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠭᠡᠴᠢ ᠵᠠᠰᠠᠭ ᠤᠨ ᠣᠷᠳᠣᠨ ᠪᠣᠯᠤᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠪᠦᠲᠦᠮᠵᠢᠲᠡᠶ ᠠᠷᠭ᠎ᠠ ᠵᠠᠮ ᠮᠦᠨ᠃     ᠬᠤᠶᠠᠷ᠂ 12345ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠬᠡᠷᠬᠢᠨ ᠶᠠᠪᠤᠭᠳᠠᠵᠤ ᠪᠠᠶᠢᠭ᠎ᠠ ᠪᠤᠶ︖     ᠬᠠᠯᠠᠮᠰᠢᠯ ᠤᠲᠠᠰᠤ ᠨᠢ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠬᠢᠨᠠᠯᠲᠠ ᠲᠠᠯᠪᠢᠬᠤ ᠪᠠᠨ ᠴᠢᠩᠭᠠᠳᠬᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠵᠠᠷᠴᠢᠮ ᠢ ᠵᠢᠷᠤᠮᠯᠠᠵᠤ᠂ ᠨᠢᠭᠡᠳᠦᠯᠲᠡᠶ ᠬᠦᠯᠢᠶᠡᠨ ᠠᠪᠬᠤ᠂ ᠬᠠᠷᠢᠭᠤᠴᠠᠯᠭ᠎ᠠ ᠶᠣᠰᠣᠭᠠᠷ ᠰᠢᠯᠵᠢᠭᠦᠯᠦᠨ ᠰᠢᠢᠳᠪᠦᠷᠢᠯᠡᠬᠦ᠂ ᠴᠠᠭ ᠬᠢᠵᠠᠭᠠᠷᠯᠠᠨ  ᠳᠠᠭᠤᠰᠬᠠᠬᠤ᠂ ᠨᠢᠭᠡᠳᠦᠯᠲᠡᠶ ᠰᠢᠮᠳᠠᠭᠤᠯᠤᠨ ᠭᠦᠢᠴᠡᠳᠭᠡᠬᠦ᠂ ᠨᠢᠭᠡᠳᠦᠯᠲᠡᠶ ᠬᠢᠨᠠᠨ ᠰᠢᠯᠢᠬᠦ ᠠᠵᠢᠯ ᠤᠨ ᠲᠣᠭᠲᠠᠴᠠ ᠶᠢ ᠬᠡᠷᠡᠭᠵᠢᠬᠦᠯᠦᠨ᠎ᠡ᠃    ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠠᠯᠠᠮᠰᠢᠯ ᠤᠲᠠᠰᠤ ᠶᠢᠨ ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠭᠡᠷ ᠬᠠᠯᠠᠮᠰᠢᠯ ᠤᠲᠠᠰᠤᠨ ᠤ ᠪᠣᠳᠠᠲᠠᠶ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠮᠳᠠᠭᠤᠯᠤᠨ ᠰᠢᠢᠳᠪᠦᠷᠢᠯᠡᠬᠦ᠂ ᠬᠢᠨᠠᠨ ᠰᠢᠯᠭᠠᠬᠤ᠂ ᠢᠯᠡ ᠪᠣᠯᠭᠠᠬᠤ ᠵᠡᠷᠭᠡ ᠡᠳᠦᠷ ᠲᠤᠲᠤᠮ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠲᠣᠰ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ᠬᠤᠲᠠ ᠶᠢᠨ ᠵᠠᠰᠠᠭ ᠤᠨ ᠣᠷᠳᠣᠨ ᠤ ᠡᠯ᠎ᠡ ᠡᠭᠦᠷᠭᠡ ᠴᠢᠳᠠᠮᠵᠢᠳᠤ ᠰᠠᠯᠠᠭ᠎ᠠ ᠮᠥᠴᠢᠷ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠪᠣᠯ ᠬᠠᠯᠠᠮᠰᠢᠯ ᠤᠲᠠᠰᠤ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠪᠣᠯᠤᠨ᠎ᠠ᠃ ᠡᠯ᠎ᠡ ᠳᠠᠭᠠᠭᠠᠨ ᠠᠪᠴᠤ ᠭᠦᠢᠴᠡᠳᠭᠡᠬᠦ ᠨᠢᠭᠡᠴᠡ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ ᠶᠣᠰᠣᠭᠠᠷ ᠱᠠᠲᠤ ᠬᠤᠪᠢᠶᠠᠨ ᠭᠦᠢᠴᠡᠳᠭᠡᠬᠦ ᠵᠦᠢᠯᠡᠰ ᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠭᠦᠢᠴᠡᠳᠭᠡᠬᠦ ᠦᠢᠯᠡ ᠠᠵᠢᠯᠯᠠᠭ᠎ᠠ ᠪᠠ ᠦᠷ᠎ᠡ ᠳ᠋ᠦᠩ ᠳᠤ ᠬᠠᠷᠢᠭᠤᠴᠠᠬᠤ ᠬᠡᠷᠡᠭᠲᠡᠶ᠃     ᠭᠤᠷᠪᠠ᠂12345ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠡᠷᠬᠢᠨ ᠬᠦᠯᠢᠶᠡᠨ ᠠᠪᠴᠤ ᠰᠢᠢᠳᠪᠦᠷᠢᠯᠡᠬᠦ ᠪᠤᠶ︖    12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠪᠦᠬᠦ ᠤᠯᠠᠭᠠᠨᠴᠠᠪ ᠬᠤᠲᠠ ᠶᠢᠨ ᠬᠡᠪᠴᠢᠶᠡᠨ ᠳᠤ ᠠᠪᠢᠶ᠎ᠠ᠂ ᠣᠬᠤᠷ ᠮᠡᠳᠡᠭᠡ᠂ ᠰᠦᠯᠵᠢᠶ᠎ᠡ᠂ ᠹᠠᠺᠰ ᠵᠡᠷᠭᠡ ᠠᠷᠭ᠎ᠠ ᠵᠠᠮ ᠢᠶᠠᠷ ᠨᠢᠭᠡᠳᠦᠯᠲᠡᠢ ᠬᠦᠯᠢᠶᠡᠨ ᠠᠪᠤᠨ᠎ᠠ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠥᠪᠯᠡᠯᠭᠡ ᠥᠭᠬᠦ᠂ ᠵᠠᠭᠠᠯᠳᠤᠯᠭ᠎ᠠ᠂ ᠰᠠᠨᠠᠭᠤᠯᠭ᠎ᠠ ᠳᠤᠷᠠᠳᠬᠤ ᠪᠠ ᠲᠤᠰᠠᠯᠠᠮᠵᠢ ᠭᠤᠶᠤᠬᠤ ᠶᠢ ᠬᠦᠯᠢᠶᠡᠨ ᠠᠪᠴᠤ᠂ ᠡᠳᠦᠷ ᠪᠦᠷᠢ 12 ᠴᠠᠭ ︵8 — 20 ᠴᠠᠭ︶ ᠤᠨ ᠬᠥᠮᠦᠨ ᠤ ᠬᠦᠴᠦ ᠪᠠᠷ ᠬᠦᠯᠢᠶᠡᠨ ᠰᠣᠨᠣᠰᠬᠤ ᠦᠢᠯᠡᠴᠢᠯᠡᠭᠡ ᠬᠠᠩᠭᠠᠵᠤ᠂ ᠬᠤᠲᠠ ᠶᠢᠨ ᠠᠷᠠᠳ ᠰᠢᠭᠤᠳ 12345 ᠶᠢ ᠤᠲᠠᠰᠤᠳᠠᠪᠠᠯ ᠪᠣᠯᠴᠢᠬᠠᠨ᠎ᠠ᠃     ᠳᠥᠷᠪᠡ᠂ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠠᠮᠠᠷ ᠶᠠᠮᠠᠷ ᠠᠰᠠᠭᠤᠳᠠᠯ ᠢ ᠬᠦᠯᠢᠶᠡᠨ ᠠᠪᠴᠤ ᠰᠢᠢᠳᠪᠦᠷᠢᠯᠡᠬᠦ ᠪᠣᠶ︖    ︵ᠨᠢᠭᠡ︶ ᠡᠯ᠎ᠡ ᠵᠠᠰᠠᠭ ᠤᠨ ᠣᠷᠳᠣᠨ ᠤ ᠡᠭᠦᠷᠭᠡ ᠴᠢᠳᠠᠮᠵᠢᠳᠤ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠵᠡᠷᠭᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠯᠠᠪᠯᠠᠯᠳᠠ︔    ︵ᠬᠤᠶᠠᠷ︶ ᠡᠯ᠎ᠡ ᠵᠠᠰᠠᠭ ᠤᠨ ᠣᠷᠳᠣᠨ ᠤ ᠡᠭᠦᠷᠭᠡ ᠴᠢᠳᠠᠮᠵᠢᠳᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠪᠠᠴᠢᠮ ᠪᠤᠰᠤ ᠲᠦᠷᠦᠯ ᠤᠨ ᠲᠤᠰᠠᠯᠠᠮᠵᠢ ᠭᠤᠶᠤᠴᠢᠯᠠᠬᠤ︔    ︵ᠭᠤᠷᠪᠠ︶ ᠬᠤᠲᠠ ᠶᠢᠨ ᠵᠠᠰᠠᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ᠂ ᠠᠵᠤ ᠠᠬᠤᠶ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠪᠠᠷ ᠬᠢ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠪᠠ ᠰᠠᠨᠠᠭᠤᠯᠭ᠎ᠠ︔    ︵ᠳᠥᠷᠪᠡ︶ ᠵᠠᠰᠠᠭ ᠵᠠᠬᠢᠷᠭᠠᠨ ᠤ ᠪᠠᠶᠢᠭᠤᠯᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠠᠵᠢᠯ ᠤᠨ ᠰᠤᠷᠲᠠᠯ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠵᠡᠷᠭᠡ ᠲᠠᠯ᠎ᠠ ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ︔    ︵ᠲᠠᠪᠤ︶ ᠬᠦᠯᠢᠶᠡᠨ ᠠᠪᠴᠤ ᠰᠢᠢᠳᠪᠦᠷᠢᠯᠡᠪᠡᠰᠦ ᠵᠣᠬᠢᠬᠤ ᠪᠤᠰᠤᠳ ᠵᠦᠢᠯ ᠤᠳ᠃  ᠲᠠᠪᠤ᠂ ᠶᠠᠮᠠᠷ ᠶᠠᠮᠠᠷ ᠤᠴᠢᠷ ᠨᠢ ᠬᠥᠲᠥᠯᠥᠨ ᠵᠢᠯᠣᠭᠤᠳᠬᠤ ᠪᠤᠶᠤ ᠰᠢᠯᠵᠢᠭᠦᠯᠦᠨ ᠭᠦᠢᠴᠡᠳᠭᠡᠬᠦ‌‍ᠳᠤ ᠬᠠᠷᠢᠶᠠᠯᠠᠭᠳᠠᠬᠤ ᠪᠣᠶ︖    ︵ᠨᠢᠭᠡ︶  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠤᠴᠢᠷ ᠶᠠᠪᠤᠳᠠᠯ ᠭᠤᠮᠣᠳᠠᠯ ᠭᠠᠷᠭᠠᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠰᠢᠭᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠬᠠᠨ᠎ᠠ︔    ︵ᠬᠤᠶᠠᠷ︶ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠺᠠᠳ᠋ᠷ ᠢ ᠲᠣᠮᠢᠯᠠᠬᠤ ᠪᠠᠭᠤᠯᠭᠠᠬᠤ ᠵᠢᠴᠢ ᠬᠠᠮᠢᠶᠠᠷᠬᠤ ᠵᠡᠷᠭᠡ ᠲᠠᠯ᠎ᠠ ᠶᠢᠨ ᠵᠠᠭᠠᠯᠳᠤᠯᠭ᠎ᠠ ᠢᠯᠡᠴᠢᠯᠡᠨ ᠮᠡᠳᠡᠬᠦᠯᠦᠯᠳᠡ ᠶᠢ ᠬᠤᠳᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠲᠤᠰᠬᠠᠨ᠎ᠠ︔    ︵ᠭᠤᠷᠪᠠ︶ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠬᠢᠳᠠᠯ ᠰᠤᠷᠪᠤᠯᠵᠢᠯᠠᠭ᠎ᠠ᠂ ᠮᠡᠳᠡᠭᠡ ᠵᠠᠩᠭᠢ ᠪᠠᠨ ᠢᠯᠡ ᠪᠠᠷ  ᠰᠢᠢᠳᠪᠦᠷᠢᠯᠡᠬᠦ ᠶᠣᠰᠣᠲᠠᠶ ᠤᠴᠢᠷ ᠶᠠᠪᠤᠳᠠᠯ ᠳᠤ ᠭᠤᠮᠣᠳᠠᠯ ᠭᠠᠷᠭᠠᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠲᠤᠰᠬᠠᠨ᠎ᠠ    ᠬᠡᠷᠪᠡ ᠵᠠᠰᠠᠭ ᠤᠨ ᠣᠷᠳᠣᠨ ᠤ ᠬᠠᠯᠠᠮᠰᠢᠯ ᠤᠲᠠᠰᠤ ᠪᠠᠷ ᠳᠠᠮᠵᠢᠨ ᠲᠤᠰᠠᠯᠠᠮᠵᠢ ᠭᠤᠶᠤᠪᠠᠯ ᠬᠠᠯᠠᠮᠰᠢᠯ ᠤᠲᠠᠰᠤ ᠶᠢᠨ ᠲᠠᠪᠴᠠᠩ ᠤᠨ ᠠᠵᠢᠯᠲᠠᠨ ᠠᠴᠠ ᠰᠢᠭᠤᠳ 110᠂ 119᠂ 120 ᠪᠠᠴᠢᠮ ᠪᠠᠶᠢᠳᠠᠯ ᠢ ᠠᠷᠭᠠᠴᠠᠬᠤ ᠬᠠᠯᠠᠮᠰᠢᠯ ᠤᠲᠠᠰᠤ ᠳᠤ ᠰᠢᠯᠵᠢᠬᠦᠯᠦᠨ᠎ᠡ᠃    ᠵᠢᠷᠭᠤᠭ᠎ᠠ᠂ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠠᠮᠠᠷ ᠶᠠᠮᠠᠷ ᠤᠴᠢᠷ ᠶᠠᠪᠤᠳᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠶ ᠪᠤᠶ︖    ︵ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠳᠠᠭᠠᠭᠠᠨ ᠭᠦᠢᠴᠡᠳᠭᠡᠬᠦ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠤᠶᠤ ᠦᠢᠯᠡᠴᠢᠯᠡᠭᠡᠨ ᠤ ᠬᠡᠪᠴᠢᠶᠡᠨ ᠳᠤ ᠬᠠᠷᠢᠶᠠᠯᠠᠭᠳᠠᠬᠤ ᠥᠬᠡᠶ ᠵᠦᠢᠯᠡᠰ︔    ︵ᠬᠤᠶᠠᠷ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠵᠦᠢᠯᠡᠰ︔    ︵ᠭᠤᠷᠪᠠ︶ ᠣᠳᠣ ᠶᠠᠭ ᠰᠢᠢᠳᠪᠦᠷᠢᠯᠡᠵᠦ ᠪᠠᠶᠢᠭ᠎ᠠ ᠪᠤᠶᠤ ᠨᠢᠭᠡᠨᠲᠡ ᠬᠠᠤᠯᠢ ᠶᠣᠰᠣᠭᠠᠷ ᠰᠢᠢᠳᠪᠦᠷᠢᠯᠡᠨ ᠲᠠᠭᠤᠰᠤᠭᠰᠠᠨ᠂ ᠭᠤᠮᠣᠳᠠᠯ ᠲᠣᠭᠠᠴᠢᠭᠰᠠᠨ ᠬᠥᠮᠦᠨ ᠳᠤ ᠰᠢᠨ᠎ᠡ ᠪᠠᠶᠢᠳᠠᠯ᠂ ᠰᠢᠨ᠎ᠡ ᠰᠢᠯᠲᠠᠭᠠᠨ ᠪᠠᠶᠢᠬᠤ ᠦᠭᠡᠢ᠂ ᠬᠠᠯᠠᠮᠰᠢᠯ ᠤᠳᠠᠰᠤᠨ ᠳᠤ ᠳᠤᠷᠠᠳᠤᠭᠰᠠᠨ ᠲᠠᠢ ᠠᠳᠠᠯᠢᠬᠠᠨ ᠬᠡᠷᠡᠭ ᠶᠠᠪᠤᠳᠠᠯ︔    ︵ᠳᠥᠷᠪᠡ︶ ᠬᠠᠤᠯᠢ ᠴᠠᠭᠠᠵᠠ ᠬᠠᠤᠯᠢ ᠲᠣᠭᠲᠠᠭᠠᠯ᠂ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠭᠰᠡᠨ ᠵᠢᠴᠢ ᠮᠠᠭᠤ ᠰᠠᠨᠠᠭ᠎ᠠ ᠲᠠᠢ ᠪᠠᠷ ᠳᠠᠭᠠᠷᠢᠬᠤ᠂ ᠲᠦᠢᠪᠡᠭᠡᠬᠦ ᠪᠤᠶᠤ ᠪᠤᠳᠠᠳᠤ ᠶᠠᠪᠤᠳᠠᠯ ᠦᠬᠡᠢ ᠪᠠᠷ ᠭᠤᠮᠣᠳᠠᠯ ᠲᠣᠭᠠᠴᠢᠬᠤ ᠵᠦᠢᠯᠡᠰ︔    ︵ᠲᠠᠪᠤ︶ ᠬᠦᠯᠢᠶᠡᠨ ᠠᠪᠴᠤ ᠰᠢᠢᠳᠪᠦᠷᠢᠯᠡᠬᠦ ᠦᠭᠡᠢ ᠭᠡᠵᠦ ᠲᠣᠭᠲᠠᠭᠠᠭᠰᠠᠨ ᠪᠤᠰᠤᠳ ᠵᠦᠢᠯ ᠤᠳ᠃    ᠲᠤᠯᠤᠭ᠎ᠠ᠂ 12345 ᠬᠠᠯᠠᠮᠰᠢᠯ ᠤᠲᠠᠰᠤ ᠬᠦᠯᠢᠶᠡᠨ ᠠᠪᠴᠤ ᠰᠢᠢᠳᠪᠦᠷᠢᠯᠡᠬᠦ ᠶᠠᠪᠤᠴᠠ    ᠣᠯᠠᠨ ᠲᠦᠮᠡᠨ ᠤ ᠤᠲᠠᠰᠤ ᠢᠷᠡᠭᠦᠯᠵᠦ ᠲᠤᠰᠬᠠᠭᠰᠠᠨ ᠤᠴᠢᠷ ᠶᠠᠪᠤᠳᠠᠯ ᠳᠤ ᠬᠠᠯᠠᠭᠤᠨ ᠤᠲᠠᠰᠤ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ᠤᠷᠢᠳ ᠢᠶᠠᠷ ᠮᠡᠳᠡᠯᠭᠡ ᠶᠢᠨ ᠬᠥᠮᠥᠷᠭᠡ ᠶᠢᠨ ᠬᠠᠮᠢᠶ᠎ᠠ ᠪᠥᠬᠦᠶ ᠠᠭᠤᠯᠭ᠎ᠠ ᠶᠢ ᠦᠨᠳᠦᠰᠦᠯᠡᠨ ᠰᠢᠭᠤᠳ ᠬᠠᠷᠢᠭᠤᠯᠲᠠ ᠥᠭᠬᠦ ᠪᠤᠶᠤ ︽ᠭᠤᠷᠪᠠᠨ ᠲᠠᠯ᠎ᠠ ᠶᠢᠨ ᠤᠲᠠᠰᠤ ᠨᠡᠪᠲᠡᠷᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠷᠡ ᠳᠣᠤᠷ᠎ᠠ ᠨᠢ ᠬᠠᠷᠢᠭᠤᠯᠲᠠ ᠥᠭᠭᠦᠨ᠎ᠡ︔ ᠲᠡᠷᠡ ᠳᠣᠤᠷ᠎ᠠ ᠨᠢ ᠬᠠᠷᠢᠭᠤᠯᠲᠠ ᠥᠭᠴᠦ ᠳᠡᠶᠢᠯᠬᠦ ᠦᠭᠡᠢ ᠪᠠᠶᠢᠪᠠᠯ᠂ ᠲᠦᠷᠦᠯ ᠬᠤᠪᠢᠶᠠᠨ ᠰᠢᠢᠳᠪᠦᠷᠢᠯᠡᠬᠦ ᠵᠠᠷᠴᠢᠮ ᠶᠣᠰᠣᠭᠠᠷ᠂ ᠬᠦᠯᠢᠶᠡᠨ ᠠᠪᠴᠤ ᠰᠢᠢᠳᠪᠦᠷᠢᠯᠡᠬᠦ ᠠᠵᠢᠯᠲᠠᠨ ᠦᠢᠯᠡᠴᠢᠯᠡᠭᠡᠨ ᠤ ᠬᠦᠰᠡᠯ ᠱᠠᠭᠠᠷᠳᠠᠯᠭ᠎ᠠ ᠶᠢ ᠠᠵᠢᠯ ᠤᠨ ᠬᠠᠭᠤᠳᠠᠰᠤ ᠶᠢᠨ ᠬᠡᠯᠪᠡᠷᠢ ᠪᠠᠷ ᠬᠤᠯᠪᠣᠭᠳᠠᠯ ᠪᠦᠬᠦᠢ  ᠨᠢᠭᠡᠴᠡ ᠳᠤ ᠰᠢᠯᠵᠢᠭᠦᠯᠦᠨ ᠥᠭᠴᠦ ᠰᠢᠢᠳᠪᠦᠷᠢᠯᠡᠭᠦᠯᠦᠨ᠎ᠡ︔ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠤᠴᠢᠷ ᠶᠠᠪᠤᠳᠠᠯ ᠪᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠳᠤ᠂ ᠰᠢᠰᠲ᠋ᠧᠮᠵᠢᠭᠦᠯᠦᠨ ᠰᠢᠢᠳᠪᠦᠷᠢᠯᠡᠬᠦ ᠵᠠᠷᠴᠢᠮ ᠶᠣᠰᠣᠭᠠᠷ ᠲᠤᠰᠬᠠᠢ ᠮᠡᠳᠡᠭᠦᠯᠦᠯᠲᠡ ᠬᠢᠵᠦ᠂ ᠬᠤᠲᠠ ᠶᠢᠨ ᠤᠳᠤᠷᠢᠳᠤᠯᠭ᠎ᠠ ᠪᠠᠷ ᠴᠤᠬᠤᠯᠠᠪᠤᠷᠢᠯᠠᠭᠤᠯᠤᠭᠰᠠᠨ ᠤ ᠳᠠᠷᠠᠭ᠎ᠠ ᠳᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃    ᠨᠠᠢᠮᠠ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠵᠦᠢᠯᠡᠰ ᠲᠤ ᠴᠠᠭ ᠲᠤᠬᠠᠶ ᠳᠤᠨᠢ ᠪᠦᠲᠦᠮᠵᠢᠲᠡᠶ ᠬᠠᠷᠢᠭᠤᠯᠲᠠ ᠥᠭᠬᠦ ᠶᠢ ᠬᠡᠷᠬᠢᠨ ᠪᠠᠲᠤᠯᠠᠬᠤ ᠪᠣᠶ︖    ︵ᠨᠢᠭᠡ︶ ᠳᠠᠭᠠᠭᠠᠨ ᠠᠪᠴᠤ ᠰᠢᠢᠳᠪᠦᠷᠢᠡᠯᠬᠦ ᠨᠢᠬᠡᠴᠡ ᠶᠢᠨ ᠲᠤᠰᠢᠶᠠᠯ ᠬᠠᠷᠢᠭᠤᠴᠠᠯᠭ᠎ᠠ ᠳᠤ ᠲᠣᠭᠠᠴᠠᠭᠳᠠᠪᠠᠯ ᠲᠤᠭᠳᠠᠭᠰᠠᠨ ᠬᠤᠭᠤᠴᠠᠭᠠᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠬᠡᠷᠡᠭᠲᠡᠶ︔ ᠬᠤᠭᠤᠴᠠᠭ᠎ᠠ ᠥᠩᠭᠡᠷᠡᠲᠡᠯ᠎ᠡ ᠰᠢᠢᠳᠪᠦᠷᠢᠯᠡᠵᠦ ᠳᠠᠭᠤᠰᠬᠠᠭᠰᠠᠨ ᠦᠭᠡᠢ ᠪᠠᠶᠢᠪᠠᠯ᠂ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠭᠡᠷ ᠠᠴᠠ ᠰᠢᠪᠠᠳᠠᠨ ᠰᠢᠢᠳᠪᠦᠷᠢᠯᠡᠭᠦᠯᠵᠦ᠂ ᠰᠢᠪᠠᠳᠠᠨ ᠰᠢᠢᠳᠪᠦᠷᠢᠯᠡᠬᠦᠯᠭᠦ ᠴᠠᠭ ᠤᠨ ᠬᠢᠵᠠᠭᠠᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠭᠰᠠᠨ ᠥᠬᠡᠶ ᠪᠠᠶᠢᠪᠠᠯ᠂ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠬᠡᠪᠴᠢᠶᠡᠨ ᠳᠤ ᠵᠠᠷᠯᠠᠨ ᠮᠡᠳᠡᠭᠳᠡᠨ᠎ᠡ᠃    ︵ᠬᠤᠶᠠᠷ︶ ᠳᠠᠭᠠᠭᠠᠨ ᠭᠦᠢᠴᠡᠳᠭᠡᠬᠦ ᠨᠢᠭᠡᠴᠡ ᠶᠢᠨ ᠭᠦᠢᠴᠡᠳᠭᠡᠭᠰᠡᠨ ᠪᠠᠶᠢᠳᠠᠯ᠂ ᠬᠠᠨᠤᠮᠵᠢ ᠶᠢᠨ ᠬᠡᠮᠵᠢᠶ᠎ᠡ᠂ ᠬᠠᠯᠠᠮᠰᠢᠯ ᠤᠲᠠᠰᠤ ᠶᠢᠨ ᠮᠡᠳᠡᠯᠭᠡ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠨᠡᠳᠬᠡᠭᠰᠡᠨ ᠪᠠᠶᠢᠳᠠᠯ ᠵᠡᠷᠭᠡ ᠳᠤ ᠬᠢᠨᠠᠨ ᠰᠢᠯᠭᠠᠯᠲᠠ ᠬᠢᠬᠦ ᠬᠡᠷᠡᠭᠲᠡᠶ᠃ ᠰᠢᠯᠭᠠᠨ ᠬᠢᠨᠠᠭᠰᠠᠨ ᠦᠷ᠎ᠡ ᠳ᠋ᠦᠩ ᠢ ᠵᠠᠰᠠᠭ ᠤᠨ ᠣᠷᠳᠣᠨ ᠤ ᠬᠠᠷᠠᠯᠲᠠᠲᠤ ᠬᠠᠮᠢᠶᠠᠷᠤᠯᠲᠠ ᠶᠢᠨ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ ᠬᠠᠯᠠᠮᠰᠢᠯ ᠤᠲᠠᠰᠤ ᠶᠢᠨ ᠠᠵᠢᠯ ᠤᠨ ᠠᠮᠵᠢᠯᠲᠠ ᠪᠦᠲᠦᠮᠵᠢ ᠪᠠᠷ ᠲᠣᠪᠤᠶᠢᠮ᠎ᠠ ᠨᠢᠭᠡᠴᠡ ᠪᠣᠯᠤᠨ ᠠᠵᠢᠯᠲᠠᠨ ᠢ ᠬᠦᠬᠢᠭᠦᠯᠦᠨ ᠰᠠᠶᠢᠰᠢᠶᠠᠬᠤ ᠪᠠ ᠱᠠᠩᠨᠠᠬᠤ ᠬᠡᠷᠡᠭᠲᠡᠶ᠃ ᠤᠳᠤᠷᠢᠳᠤᠯᠭ᠎ᠠ ᠶᠢ ᠬᠦᠨᠳᠦᠳᠬᠡᠬᠦ ᠦᠭᠡᠢ᠂ ᠠᠵᠢᠯᠯᠠᠭ᠎ᠠ ᠨᠢ ᠢᠳᠡᠪᠬᠢᠲᠡᠶ ᠪᠢᠰᠢ᠂ ᠠᠵᠢᠯ ᠨᠢ ᠬᠤᠴᠣᠷᠤᠩᠭᠤᠶ ᠨᠢᠭᠡᠴᠡ ᠶᠢ ᠵᠠᠷᠯᠠᠨ ᠰᠢᠭᠦᠮᠵᠢᠯᠡᠨ᠎ᠡ︔ ᠬᠦᠨᠳᠦ ᠨᠣᠴᠢᠲᠠᠶ ᠤᠷᠰᠢᠭ ᠲᠠᠲᠠᠭᠰᠠᠨ ᠪᠥᠭᠡᠳ ᠨᠡᠶᠢᠭᠡᠮ ᠤᠨ ᠮᠠᠭᠤ ᠨᠥᠯᠥᠭᠡ ᠠᠪᠴᠢᠷᠠᠭᠰᠠᠨ ᠨᠢᠭᠡᠴᠡ ᠨᠦᠭᠦᠳ ᠠᠴᠠ ᠬᠠᠤᠯᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢᠨ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ     ᠶᠢᠰᠤ᠂ ᠵᠠᠭᠠᠯᠳᠤᠭᠰᠠᠨ ᠬᠥᠮᠦᠨ ᠶᠠᠮᠠᠷ ᠶᠠᠮᠠᠷ ᠳᠦᠷᠢᠮ ᠢ ᠵᠢᠷᠤᠮᠯᠠᠪᠠᠯ ᠵᠣᠬᠢᠬᠤ ᠪᠤᠶ︖     ᠭᠤᠮᠣᠳᠠᠯ ᠲᠣᠭᠠᠴᠢᠭᠰᠠᠳ ᠢᠯᠡᠴᠢᠯᠡᠨ ᠵᠠᠭᠠᠯᠳᠤᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ᠂ ᠵᠣᠷᠢᠭᠤᠳᠠ ᠬᠤᠳᠠᠯ ᠬᠠᠭᠤᠷᠮᠠᠭ ᠬᠡᠷᠡᠭ ᠶᠠᠪᠤᠳᠠᠯ ᠢ ᠬᠠᠩᠭᠠᠵᠤ᠂ ᠳ᠋ᠢᠶᠠᠩᠬᠤᠸᠠ ᠵᠠᠯᠭᠠᠯᠲᠠ ᠶᠢᠨ ᠡᠬᠢ ᠪᠠᠶᠠᠯᠢᠭ ᠢ ᠮᠠᠭᠤ ᠰᠠᠨᠠᠭ᠎ᠠ ᠲᠠᠢ ᠪᠠᠷ ᠳᠠᠭᠠᠷᠢᠵᠤ᠂ ᠲᠦᠢᠪᠡᠭᠡᠵᠦ᠂ ᠡᠵᠡᠯᠡᠨ ᠬᠡᠷᠡᠭᠯᠡᠵᠦ ᠪᠣᠯᠬᠤ ᠦᠭᠡᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠤᠰᠢᠶᠠᠨ ᠰᠢᠢᠳᠪᠦᠷᠢᠯᠡᠭᠦᠯᠦᠨ᠎ᠡ︔ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃                                    ᠤᠷᠴᠢᠭᠤᠯᠤᠭᠴᠢ᠄ ᠬᠠᠨ ᠰᠢᠶᠤᠤ ᠿᠦᠩ                                    ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3