| ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠸᠠᠩ ᡁᠢ ᠶᠦᠩ ᠨᠡᠷ ᠪᠦᠬᠦ ᠬᠤᠲᠠ ᠶᠢᠨ | ᠠᠷᠠᠳ ᠲᠦᠮᠡᠨ ᠤ ᠭᠦᠨ ᠵᠤᠵᠠᠭᠠᠨ ᠬᠠᠶᠢᠷ᠎ᠠ ᠰᠡᠳᠭᠢᠯ ᠢ ᠲᠦᠯᠦᠬᠡᠯᠡᠨ᠂ ᠢᠷᠠᠭᠤ ᠠᠯᠳᠠᠷ ᠤᠨ ᠬᠦᠷᠢᠶᠡᠯᠡᠩ᠂ ᠵᠡᠪᠰᠡᠭᠲᠦ | ᠴᠠᠭᠳᠠᠭ᠎ᠠ ᠶᠢᠨ ᠳᠤᠮᠳᠠ ᠠᠩᠭᠢ᠂ ᠵᠠᠰᠠᠭ ᠤᠨ ᠣᠷᠳᠣᠨ ᠤ ᠲᠤᠰᠬᠠᠶ ᠲᠤᠰᠢᠶᠠᠯᠳᠤ ᠭᠠᠯ ᠤᠨᠳᠠᠷᠭᠠᠬᠤ ᠠᠩᠭᠢ ᠵᠡᠷᠭᠡ ᠳᠤ | ᠭᠦᠨᠵᠡᠭᠡᠶᠢᠷᠡᠨ ᠲᠤᠬᠤᠨᠢᠭᠤᠯᠵᠦ᠂ ᠲᠡᠳᠡᠨ ᠳᠤ ᠡᠷᠬᠢᠮ ᠲᠡᠭᠡᠳᠤ ᠬᠦᠨᠳᠦᠳᠬᠡᠯ ᠪᠠ ᠪᠠᠶᠠᠷ ᠤᠨ ᠡᠳᠦᠷ ᠤᠨ ᠮᠡᠨᠳᠦᠴᠢᠯᠡᠯ | ᠲᠡᠪᠰᠢᠬᠦᠯᠪᠡ᠃ | | ᠢᠷᠠᠭᠤ ᠠᠯᠳᠠᠷ ᠤᠨ ᠬᠦᠷᠢᠶᠡᠯᠡᠩ ᠳᠤ᠂ ᠸᠠᠩ ᡁᠢ ᠶᠦᠩ ᠠᠬᠠᠮᠠᠳ ᠨᠥᠬᠦᠳ ᠤᠨ ᠪᠡᠶ᠎ᠡ ᠮᠠᠬᠠᠪᠣᠳ ᠪᠣᠯᠤᠨ | ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠤᠯᠤᠰ ᠣᠷᠣᠨ ᠪᠣᠯᠤᠨ ᠨᠡᠶᠢᠭᠡᠮ ᠳᠤ ᠦᠵᠡᠭᠦᠯᠦᠭᠰᠡᠨ ᠬᠤᠪᠢ | ᠨᠡᠮᠡᠷᠢ ᠳᠤ ᠲᠠᠯᠠᠷᠬᠠᠬᠤ ᠶᠢᠨ ᠬᠠᠮᠲᠤ᠂ ᠢᠷᠠᠭᠤ ᠠᠯᠳᠠᠷ ᠤᠨ ᠬᠦᠷᠢᠶᠡᠯᠡᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ | ᠬᠠᠮᠢᠶᠠᠷᠤᠯᠳᠠ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ ᠭᠡᠵᠦ ᠵᠠᠬᠢᠵᠤ᠂ ᠨᠠᠰᠤᠲᠠᠶᠢᠴᠤᠳ ᠤᠨ ᠠᠮᠢᠳᠤᠷᠠᠯ ᠢ | ᠰᠠᠶᠢᠲᠤᠷ ᠬᠠᠷᠠᠭᠠᠯᠵᠠᠬᠤ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠬᠦ ᠶᠢᠨ ᠬᠠᠮᠳᠤ | ᠬᠠᠯᠠᠭᠤᠨ ᠳᠤᠯᠠᠭᠠᠨ ᠠᠭᠤᠷ ᠠᠮᠢᠰᠬᠤᠯ ᠳᠤᠮᠳᠠ ᠥᠲᠡᠯᠦᠭᠡ ᠨᠠᠰᠤ ᠪᠠᠨ ᠥᠩᠭᠡᠷᠡᠭᠦᠯᠦᠨ᠎ᠡ᠃ | | ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠪᠣᠯᠤᠨ ᠲᠤᠰᠬᠠᠢ ᠭᠠᠯ ᠤᠨᠲᠠᠷᠠᠭᠠᠬᠤ ᠠᠩᠬᠢ ᠶᠢ | ᠲᠤᠬᠤᠨᠢᠭᠤᠯᠬᠤ ᠳᠤ᠂ ᠸᠠᠩ ᡁᠢ ᠶᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ | ᠡᠮᠦᠨ᠎ᠡ ᠠᠴᠠ ᠤᠯᠠᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠲᠡᠷᠡ᠂ ᠣᠶᠢᠷ᠎ᠠ ᠶᠢᠨ ᠵᠢᠯ ᠳᠤ ᠹᠧᠩᠵᠧᠨ | ᠬᠤᠲᠠ ᠶᠢᠨ ᠠᠵᠤ ᠠᠬᠤᠶ ᠨᠡᠶᠢᠭᠡᠮ ᠤᠨ ᠡᠯ᠎ᠡ ᠠᠵᠢᠯ ᠦᠢᠯᠡᠰ ᠤᠨ ᠬᠥᠭᠵᠢᠯᠲᠡ ᠶᠢ ᠢᠳᠡᠪᠬᠢᠲᠡᠶ ᠲᠡᠮᠵᠢᠵᠦ᠂ ᠣᠷᠣᠨ | ᠨᠤᠲᠤᠭ ᠤᠨ ᠤᠯᠤᠰ ᠲᠦᠷᠦ᠂ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠪᠢ | ᠨᠡᠮᠡᠷᠢ ᠦᠵᠡᠭᠦᠯᠵᠦ᠂ ᠠᠶᠤᠯ ᠭᠠᠮᠰᠢᠭ ᠠᠴᠠ ᠠᠪᠤᠷᠠᠬᠤ ᠪᠠ ᠣᠷᠣᠨ ᠨᠤᠲᠤᠭ ᠤᠨ ᠠᠵᠤ ᠠᠬᠤᠶ ᠶᠢᠨ ᠪᠦᠳᠦᠭᠡᠨ | ᠪᠠᠶᠢᠭᠤᠯᠤᠯᠳᠠ ᠳᠤ ᠣᠷᠣᠯᠴᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠬᠤᠶᠢᠰᠢᠳᠠ ᠤᠤᠯ ᠤᠨ ᠬᠢ ᠲᠠᠢ ᠪᠠᠨ ᠠᠳᠠᠯᠢ ᠪᠠᠷ ᠰᠠᠭᠤᠭ᠎ᠠ ᠭᠠᠵᠠᠷ ᠤᠨ | ᠴᠡᠷᠢᠭ ᠠᠩᠭᠢ ᠶᠢᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠨ᠎ᠡ᠃ ᠣᠯᠠᠨ ᠵᠦᠢᠯ ᠤᠨ ᠬᠡᠯᠪᠡᠷᠢ ᠪᠦᠬᠦᠢ ᠬᠤᠶᠠᠷ ᠢ | ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠴᠡᠷᠢᠭ ᠠᠩᠭᠢ ᠣᠷᠣᠨ ᠨᠤᠲᠤᠭ᠂ ᠴᠡᠷᠢᠭ ᠠᠷᠠᠳ ᠤᠨ | ᠠᠭᠤᠰᠤᠯᠴᠠᠨ ᠬᠥᠭᠵᠢᠬᠦ ᠶᠢ ᠨᠠᠩ ᠰᠠᠶᠢᠲᠤᠷ ᠠᠬᠢᠭᠤᠯᠵᠤ᠂ ᠴᠡᠷᠢᠭ ᠵᠠᠰᠠᠭ᠂ ᠴᠡᠷᠢᠭ ᠠᠷᠠᠳ ᠤᠨ ᠪᠦᠯᠬᠦᠮᠳᠡᠯ ᠤᠨ ᠶᠡᠭᠡ | ᠰᠠᠶᠢᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠬᠦᠭᠵᠢᠬᠦᠯᠪᠡ᠃ ᠡᠭᠦᠨ ᠤ ᠬᠠᠮᠲᠤ ᠰᠠᠭᠤᠭ᠎ᠠ ᠭᠠᠵᠠᠷ ᠤᠨ ᠳᠠᠷᠤᠭ᠎ᠠ | ᠪᠠᠶᠢᠯᠳᠤᠭᠴᠢᠳ ᠨᠠᠮ ᠤᠨ ᠵᠢᠯᠣᠭᠤᠳᠣᠯᠭ᠎ᠠ ᠶᠢ ᠲᠠᠭᠠᠵᠦ᠂ ᠢᠯᠠᠭᠤᠭᠰᠠᠨ ᠳᠠᠶᠢᠨ ᠬᠢᠵᠦ ᠴᠢᠳᠠᠬᠤ ᠪᠠ ᠣᠪᠣᠷ ᠰᠤᠷᠲᠠᠯ | ᠰᠢᠯᠢᠳᠡᠭ ᠰᠠᠶᠢᠨ ᠪᠠᠶᠢᠬᠤ ᠵᠣᠷᠢᠭ ᠰᠠᠨᠠᠭ᠎ᠠ ᠶᠢ ᠦᠷᠬᠦᠯᠵᠢᠯᠡᠨ ᠪᠠᠳᠠᠷᠠᠭᠤᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠪᠦᠲᠦᠭᠡᠨ ᠪᠠᠶᠢᠭᠤᠯᠤᠯᠲᠠ ᠪᠣᠯᠤᠨ ᠣᠷᠣᠨ ᠨᠤᠲᠤᠭ ᠤᠨ ᠬᠥᠭᠵᠢᠯᠲᠡ ᠲᠤ ᠦᠢᠯᠡᠴᠢᠯᠡᠬᠦ ᠳᠤ ᠬᠦᠴᠦᠨ ᠨᠡᠮᠡᠷᠢᠯᠡᠬᠦ ᠶᠢ | ᠬᠦᠰᠡᠪᠡ᠃ | | | ᠵᠣᠬᠢᠶᠠᠭᠴᠢ᠄ ᠵᠧᠤ ᠱᠣᠤ ᠬᠤᠸᠠ | ᠤᠷᠴᠢᠭᠤᠯᠤᠬᠴᠢ᠄ ᠼᠦᠢ ᠶᠢᠩ |