ᠸᠠᠩ ᠵᠧᠨ ᠬᠠᠢ ᠨᠠᠷ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-08-04
   ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠶᠠᠨ ᠯᠢᠨ ᠨᠡᠷ ᠤᠷᠢᠳ ᠬᠤᠵᠢᠳ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠵᠢᠭᠠᠨ ᠵᠢᠯᠣᠭᠤᠳᠬᠤ ᠠᠩᠭᠢ ᠵᠡᠷᠭᠡ ᠭᠠᠵᠠᠷ ᠲᠤ ᠭᠦᠨᠵᠡᠭᠡᠶᠢᠷᠡᠨ᠂ ᠠᠷᠠᠳ ᠤᠨ ᠬᠡᠦᠬᠡᠳ ᠳᠡᠭᠦᠦ ᠨᠡᠷ ᠴᠡᠷᠢᠭ ᠢ ᠪᠣᠯᠭᠤᠭᠠᠨ ᠦᠵᠡᠵᠦ᠂ ᠲᠣᠬᠤᠨᠢᠭᠤᠯᠬᠤ ᠮᠥᠩᠭᠦ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃
       ᠸᠠᠩ ᠵᠧᠨ ᠬᠠᠶ᠂ ᠼᠤᠤ ᠶᠠᠨ ᠯᠢᠨ ᠨᠠᠷ ᠳᠠᠷᠤᠭ᠎ᠠ ᠪᠠᠶᠢᠯᠳᠤᠭᠴᠢᠳ ᠲᠠᠢ ᠭᠠᠷ ᠠᠳᠬᠤᠵᠤ᠂ ᠪᠠᠶᠢᠯᠳᠤᠭᠴᠢᠳ ᠤᠨ ᠪᠤᠯᠪᠠᠰᠤᠷᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦ ᠬᠦᠷᠭᠡᠬᠦ ᠶᠢᠨ ᠬᠠᠮᠳᠤ ᠸᠠᠩ ᠵᠧᠨ ᠬᠠᠢ ᠢᠯᠡᠷᠬᠡᠶᠢᠯᠡᠭᠰᠡᠨ ᠨᠢ᠄ ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠲᠠᠰᠢᠷᠠᠮ ᠢᠶᠠᠷ᠂ ᠪᠢᠳᠡ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠣᠯᠠᠨ ᠢ ᠲᠤᠬᠤᠨᠢᠭᠤᠯᠵᠦ᠂ ᠲᠠᠨᠠᠷ ᠤᠨ ᠣᠷᠣᠨ ᠨᠤᠲᠤᠭ ᠤᠨ ᠠᠵᠢᠯ ᠢ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠮᠦᠷᠳᠡᠭᠡᠨ ᠬᠤᠶᠢᠰᠢᠳᠠ ᠶᠢᠨ ᠠᠵᠢᠯ ᠤᠨ ᠳᠤᠮᠳᠠ ᠪᠠᠨ ᠣᠷᠣᠨ ᠨᠤᠲᠤᠭ ᠤᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠳᠡᠢ ᠣᠷᠣᠯᠴᠠᠵᠤ᠂ ᠣᠷᠣᠨ ᠨᠤᠲᠤᠭ ᠢ ᠬᠠᠪᠰᠤᠷᠴᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢ ᠲᠠ ᠨᠠᠷ ᠲᠤ   ᠪᠠᠨ ᠬᠦᠰᠡᠵᠦ ᠪᠠᠶᠢᠨ᠎ᠠ᠃ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ᠂ ᠸᠠᠩ ᠵᠧᠨ ᠬᠠᠶ ᠣᠲᠣ ᠪᠠᠶᠢᠭ᠎ᠠ ᠠᠪᠤᠷᠠᠨ ᠲᠤᠰᠠᠯᠠᠬᠤ ᠲᠥᠬᠦᠭᠡᠷᠦᠮᠵᠢ᠂ ᠠᠪᠤᠷᠠᠨ ᠲᠤᠰᠠᠯᠠᠬᠤ ᠴᠢᠳᠠᠪᠤᠷᠢ ᠵᠡᠷᠭᠡ ᠶᠢᠨ ᠲᠤᠬᠠᠶ ᠨᠠᠷᠢᠨ ᠣᠶᠢᠯᠠᠭᠠᠭᠰᠠᠨ ᠪᠥᠭᠡᠳ ᠣᠶ ᠰᠢᠭᠤᠶ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠬᠤᠯᠪᠤᠬᠳᠠᠯ ᠪᠥᠬᠦᠶ ᠶᠠᠪᠤᠳᠠᠯ ᠤᠨ ᠲᠤᠬᠠᠶ ᠰᠠᠨᠠᠭᠤᠯᠪᠠ᠃
          ᠹᠧᠩᠵᠧᠨ ᠳᠤ ᠰᠠᠭᠤᠭ᠎ᠠ ᠡᠯ᠎ᠡ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠬᠤᠲᠠ ᠶᠢᠨ ᠤᠳᠤᠷᠢᠳᠤᠯᠭ᠎ᠠ ᠪᠦᠬᠦ ᠬᠤᠲᠠ ᠶᠢᠨ ᠠᠷᠠᠳ ᠲᠦᠮᠡᠨ ᠢ ᠲᠥᠯᠥᠭᠡᠯᠡᠨ ᠲᠡᠳᠡᠨ ᠢ ᠬᠠᠯᠠᠮᠵᠢᠯᠠᠵᠤ ᠳᠡᠮᠵᠢᠭᠰᠡᠨ ᠳᠤ ᠪᠠᠶᠠᠷ ᠲᠠᠯᠠᠷᠬᠠᠯ ᠢᠶᠠᠨ ᠢᠯᠡᠳᠭᠡᠭᠰᠡᠨ ᠪᠠ ᠬᠤᠶᠢᠰᠢᠳᠠ ᠥᠩᠭᠡᠷᠡᠭᠰᠡᠨ ᠲᠠᠢ ᠪᠠᠨ ᠠᠳᠠᠯᠢ ᠪᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠯᠠᠪᠳᠠᠭᠤᠨ ᠪᠠᠲᠤᠲᠠᠶ ᠠᠵᠢᠯᠯᠠᠵᠤ᠂ ᠬᠠᠷᠠᠮ ᠦᠭᠡᠢ ᠵᠣᠷᠢᠭᠤᠯᠵᠤ᠂ ᠹᠧᠩᠵᠧᠨ ᠤ ᠠᠷᠠᠳ ᠲᠦᠮᠡᠨ ᠤ ᠲᠥᠯᠥᠭᠡ ᠠᠵᠢᠯ ᠤᠨ ᠪᠠᠶᠢᠷᠢ ᠪᠠᠨ ᠰᠠᠶᠢᠲᠤᠷ ᠡᠷᠬᠢᠮᠯᠡᠵᠦ᠂ ᠹᠧᠩᠵᠧᠨ ᠬᠤᠲᠠ ᠶᠢᠨ ᠡᠶ᠎ᠡ ᠵᠣᠬᠢᠴᠠᠯ ᠲᠣᠭᠲᠠᠭᠤᠨ ᠪᠠ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠬᠦᠭᠵᠢᠯᠳᠡ ᠳᠤ ᠳᠠᠬᠢᠨ ᠰᠢᠨ᠎ᠡ ᠭᠠᠪᠢᠶ᠎ᠠ ᠪᠠᠶᠢᠭᠤᠯᠤᠨ᠎ᠠ  ᠬᠡᠪᠡ᠃
                      ᠵᠣᠬᠢᠶᠠᠭᠴᠢ᠄ ᠯᠢᠦᠶ ᠮᠢᠨ                       ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3