| ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 | ᠰᠠᠷ᠎ᠠ ᠶᠢᠨ 29 ᠤ ᠡᠳᠦᠷ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ | ᠢᠦᠶ ᠳ᠋ᠦᠩ ᠪᠦᠯᠬᠦᠮ ᠲᠠᠭᠠᠭᠤᠯᠤᠨ ᠮᠠᠨ ᠤ ᠬᠤᠲᠠ ᠳᠤ ᠰᠠᠭᠠᠳᠠᠵᠦ᠂ ᠢᠷᠠᠭᠤ ᠠᠯᠳᠠᠷ ᠤᠨ ᠬᠦᠷᠢᠶᠡᠯᠡᠩ ᠵᠢᠴᠢ | ᠴᠡᠷᠢᠭ ᠠᠴᠠ ᠬᠠᠯᠠᠭᠳᠠᠭᠰᠠᠳ ᠪᠠ ᠴᠡᠷᠢᠭ ᠠᠴᠠ ᠬᠠᠯᠠᠭᠳᠠᠭᠰᠠᠨ ᠺᠠᠳ᠋ᠷ ᠨᠠᠷ ᠢ ᠪᠣᠯᠭᠤᠭᠠᠨ ᠲᠣᠬᠤᠨᠢᠭᠤᠯᠪᠠ᠃ ᠲᠡᠳᠡᠨ ᠳᠤ | ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠵᠥᠩᠨᠡᠯ ᠬᠦᠷᠭᠡᠵᠦ᠂ ᠬᠤᠲᠠ ᠶᠢᠨ ᠨᠠᠮ ᠤᠨ ᠬᠤᠷᠢᠶᠠᠨ ᠤ ᠵᠠᠰᠠᠭ ᠤᠨ | ᠣᠷᠳᠣᠨ ᠤ ᠲᠣᠬᠤᠨᠢᠭᠤᠯᠤᠯ ᠪᠣᠯᠤᠨ ᠬᠦᠨᠳᠦᠳᠬᠡᠯ ᠢᠶᠠᠨ ᠲᠡᠪᠰᠢᠬᠦᠯᠪᠡ᠃ | | ᠮᠠᠨ ᠤ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠵᠠᠩ ᠵᠢᠶ ᠨᠠᠷ ᠪᠠᠷ᠎ᠠ ᠪᠣᠯᠵᠤ ᠲᠣᠬᠤᠨᠢᠭᠤᠯᠪᠠ᠃ | | ᠬᠤᠲᠠ ᠶᠢᠨ ᠢᠷᠠᠭᠤ ᠠᠯᠳᠠᠷ ᠤᠨ ᠬᠦᠷᠢᠶᠡᠯᠡᠩ ᠳᠤ᠂ ᠶᠠᠨ ᠢᠦᠶ ᠳ᠋ᠦᠩ ᠨᠠᠰᠤᠳᠠᠳ ᠲᠠᠢ ᠳᠣᠲᠣᠨᠣ ᠪᠠᠷ ᠶᠠᠷᠢᠯᠴᠠᠵᠤ᠂ | ᠲᠡᠳᠡᠨᠡᠷ ᠤᠨ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠨᠠᠰᠤᠲᠠᠶᠢᠴᠤᠳ ᠤᠨ ᠤᠷᠲᠤ | ᠨᠠᠰᠤᠯᠠᠬᠤ ᠶᠢ ᠵᠦᠩᠨᠡᠭᠰᠡᠨ ᠪᠠ ᠢᠷᠠᠭᠤ ᠠᠯᠳᠠᠷ ᠤᠨ ᠬᠦᠷᠢᠶᠡᠯᠡᠩ ᠤᠨ ᠬᠠᠷᠢᠭᠤᠴᠠᠯᠭᠠᠲᠠᠨ ᠨᠠᠷ ᠲᠤ ᠨᠠᠰᠤᠲᠠᠳ ᠤᠨ | ᠲᠥᠯᠥᠭᠡ ᠢᠯᠡᠭᠦᠬᠡᠨ ᠪᠣᠳᠣᠯᠬᠢᠯᠠᠵᠤ᠂ ᠬᠦᠷᠢᠶᠡᠨ ᠳᠣᠲᠣᠷᠠᠬᠢ ᠨᠠᠰᠤᠲᠠᠨ ᠤ ᠪᠡᠶ᠎ᠡ ᠮᠠᠬᠠᠪᠣᠳ ᠪᠠ ᠣᠶᠤᠨ ᠰᠠᠨᠠᠭᠠᠨ ᠤ | ᠪᠠᠶᠢᠳᠠᠯ ᠢ ᠢᠯᠡᠭᠦᠬᠡᠨ ᠠᠩᠬᠠᠷᠴᠤ᠂ ᠲᠡᠳᠡᠨ ᠳᠤ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠬᠠᠩᠭᠠᠵᠤ᠂ | ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠨᠠᠰᠤᠲᠠᠨ ᠨᠢᠭᠡᠪᠦᠷᠢ ᠳᠤ ᠦᠨᠡᠨᠬᠦ ᠬᠦᠷᠭᠡᠵᠦ᠂ ᠨᠠᠰᠤᠳᠠᠳ ᠢ ᠢᠷᠠᠭᠤ ᠠᠯᠳᠠᠷ ᠤᠨ ᠬᠦᠷᠢᠶᠡᠯᠡᠩ ᠳᠤ ᠵᠣᠯ | ᠵᠢᠷᠭᠠᠯ ᠲᠠᠢ ᠥᠲᠡᠯᠦᠭᠡ ᠨᠠᠰᠤ ᠪᠠᠨ ᠥᠩᠭᠡᠷᠡᠭᠦᠯᠬᠦ ᠬᠡᠷᠡᠭᠳᠡᠢ ᠬᠡᠵᠦ ᠵᠠᠬᠢᠪᠠ᠃ ᠪᠠᠰᠠ ᠢᠷᠠᠭᠤ ᠠᠯᠳᠠᠷ ᠤᠨ | ᠬᠦᠷᠢᠶᠡᠯᠡᠩ ᠤᠨ ᠦᠨᠳᠦᠰᠦᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠰᠠᠭᠤᠷᠢᠨ ᠲᠡᠭᠡᠷ᠎ᠡ ᠡᠮᠨᠡᠯᠭᠡ ᠶᠢᠨ ᠬᠤᠷᠢᠶᠠᠨ ᠤ | ᠳᠣᠲᠣᠷᠠᠬᠢ ᠬᠤᠭᠤᠯᠠᠨ ᠭᠡᠷ ᠢ ᠪᠠᠶᠢᠴᠠᠭᠠᠨ ᠦᠵᠡᠪᠡ᠃ | | ᠴᠡᠷᠢᠭ ᠠᠴᠠ ᠬᠠᠯᠠᠭᠳᠠᠭᠰᠠᠳ ᠤᠨ ᠨᠢᠬᠡ ᠪᠤᠯᠬᠤ ᠯᠢ ᠿᠢ ᠹᠸᠢ ᠨᠦᠬᠦᠷ ᠡᠨᠡ ᠵᠢᠯ 31 ᠨᠠᠰᠤᠲᠠᠶ᠂ 2008 | ᠣᠨ ᠳᠤ ᠶᠡᠭᠡ ᠬᠢᠩᠭᠠᠨ ᠳᠠᠪᠠᠭᠠᠨ ᠤ ︽4.20︾ ᠭᠠᠯ ᠤᠨᠲᠠᠷᠠᠭᠠᠬᠤ ᠪᠠᠶᠢᠯᠳᠤᠭᠠᠨ ᠳᠤ ᠬᠦᠨᠳᠦ ᠰᠢᠷᠬᠠᠲᠤᠵᠤ᠂ | ᠨᠢᠭᠡᠳᠦᠭᠡᠷ ᠳᠡᠰ ᠤᠨ ᠭᠠᠪᠢᠶ᠎ᠠ ᠪᠠᠶᠢᠭᠤᠯᠵᠦ᠂ ᠬᠤᠶᠠᠳᠤᠭᠠᠷ ᠳᠡᠰ ᠤᠨ ᠵᠡᠮᠳᠡᠭ ᠴᠡᠷᠢᠭ ᠤᠨ ᠬᠥᠮᠦᠨ ᠪᠤᠯᠪᠠ᠃ ᠶᠠᠨ ᠢᠦᠶ | ᠳ᠋ᠦᠩ ᠲᠡᠭᠦᠨ ᠤ ᠪᠡᠶ᠎ᠡ ᠮᠠᠬᠠᠪᠣᠳ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠬᠰᠠᠨ ᠪᠠ ᠯᠢ ᠿᠢ ᠹᠸᠢ ᠪᠣᠯ | ᠰᠢᠨ᠎ᠡ ᠴᠠᠭ ᠦᠶ᠎ᠡ ᠶᠢᠨ ᠰᠠᠶᠢᠨ ᠵᠠᠯᠠᠭᠤ᠂ ᠨᠡᠶᠢᠭᠡᠮ ᠳᠠᠶᠠᠭᠠᠷ ᠤᠨ ᠰᠤᠷᠤᠯᠴᠠᠵᠤ ᠬᠦᠨᠳᠦᠳᠭᠡᠭᠰᠡᠨ ᠪᠠᠭᠠᠲᠤᠷ ᠪᠠ ᠦᠯᠢᠭᠡᠷ | ᠳᠠᠭᠤᠷᠢᠶᠠᠯ ᠮᠥᠨ ᠭᠡᠵᠦ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃ | | ᠴᠡᠷᠢᠭ ᠤᠨ ᠠᠯᠪᠠᠨ ᠠᠴᠠ ᠪᠠᠭᠤᠬᠰᠠᠨ ᠵᠧᠩ ᠶᠤᠸᠠᠢ ᠱᠧᠩ᠂ ᠭᠦᠸᠧ ᠢᠦᠶ ᠪᠣᠯᠤᠨ ᠴᠡᠷᠢᠭ ᠠᠴᠠ ᠬᠠᠯᠠᠭᠳᠠᠭᠰᠠᠨ | ᠺᠠᠲᠠᠷ ᠰᠢᠶᠠᠩ ᠽᠦᠸᠧ ᡁᠢ ᠨᠠᠷ ᠤᠨ ᠭᠡᠷ ᠲᠤ ᠬᠦᠷᠴᠦ᠂ ᠶᠠᠨ ᠢᠦᠶ ᠳ᠋ᠦᠩ ᠬᠤᠲᠠ ᠶᠢᠨ ᠨᠠᠮ ᠤᠨ ᠬᠤᠷᠢᠶᠠᠨ ᠤ | ᠵᠠᠰᠠᠭ ᠤᠨ ᠣᠷᠳᠣᠨ ᠢ ᠲᠥᠯᠥᠭᠡᠯᠡᠨ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠨ᠂ ᠲᠡᠳᠡᠨ ᠤ | ᠬᠤᠪᠢᠰᠬᠠᠯ ᠤᠨ ᠦᠢᠯᠡᠰ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠣᠯᠤᠨ ᠣᠷᠣᠨ ᠨᠤᠲᠤᠭ ᠤᠨ ᠠᠵᠤ ᠠᠬᠤᠶ | ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠨᠠᠰᠤᠲᠠᠳ ᠤᠨ ᠦᠷᠬᠦᠯᠵᠢᠯᠡᠨ | ᠦᠢᠯᠡᠳᠦᠯ ᠢᠶᠠᠨ ᠪᠠᠳᠠᠷᠠᠭᠤᠯᠵᠦ᠂ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ | ᠬᠦᠰᠡᠪᠡ᠃ | ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠦᠭᠡᠢ | ᠲᠡᠭᠡᠭᠰᠢᠯᠡᠬᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠢᠨᠠᠮᠠᠭᠠᠶ ᠨᠠᠶᠢᠳᠠᠪᠤᠷᠢᠵᠢᠭᠤᠯᠵᠦ᠂ | ᠥᠷᠭᠡᠨ ᠣᠯᠠᠨ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠭᠰᠠᠳ ᠪᠠᠭᠤᠭᠰᠠᠳ᠂ ᠴᠡᠷᠢᠭ ᠠᠴᠠ ᠬᠠᠯᠠᠭᠳᠠᠭᠰᠠᠨ ᠺᠠᠲᠠᠷ | ᠵᠢᠴᠢ ᠴᠡᠷᠢᠭ ᠨᠠᠷ ᠲᠤ ᠰᠠᠶᠢᠨ ᠶᠠᠪᠤᠳᠠᠯ ᠬᠢᠵᠦ᠂ ᠪᠣᠳᠠᠲᠠᠶ ᠶᠠᠪᠤᠳᠠᠯ ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠨ᠂ | ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠰᠡᠳᠬᠢᠯ ᠳᠤᠨᠢ ᠬᠦᠷᠭᠡᠨ᠂ ᠲᠡᠳᠡᠨ ᠤ ᠠᠮᠢᠳᠤᠷᠠᠯ ᠳᠤ ᠪᠠᠲᠤ | ᠪᠠᠬᠢ ᠪᠠᠲᠤᠯᠠᠭ᠎ᠠ ᠬᠠᠩᠭᠠᠪᠠ᠃ | ᠵᠣᠬᠢᠶᠠᠭᠴᠢ᠄ ᠯᠢ ᠮᠧᠶ ᠰᠢᠶᠠ | ᠤᠷᠴᠢᠭᠤᠯᠤᠬᠴᠢ᠄ ᠼᠦᠢ ᠶᠢᠩ |