| ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ | ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨᠨᠢᠭᠡᠴᠡ ᠳᠤ᠄ | ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠹᠧᠩᠵᠧᠨ ᠬᠤᠲᠠ ᠶᠢᠨ ᠬᠤᠲᠠ ᠶᠢᠨ | ᠬᠠᠮᠢᠶᠠᠷᠤᠯᠲᠠ ᠶᠢᠨ ︿ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ﹀ ᠢ ᠬᠡᠷᠡᠭᠵᠢᠭᠦᠯᠬᠦ ᠲᠥᠰᠦᠯ︾ ᠢ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | ᠤᠨᠴᠠᠭᠠᠶᠢᠯᠠᠨ ᠮᠡᠳᠡᠭᠳᠡᠪᠡ | | 2020 ᠣᠨ ᠤ 6 ᠰᠠᠷ᠎ᠠ ᠶᠢᠨ 5 ᠤ ᠡᠳᠦᠷ | ᠹᠧᠩᠵᠧᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ | ᠤᠨ ᠬᠡᠷᠡᠭᠵᠢᠭᠦᠯᠬᠦ ᠲᠥᠰᠦᠯ | ᠬᠤᠲᠠ ᠶᠢᠨ ᠬᠠᠮᠢᠶᠠᠷᠤᠯᠲᠠ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠬᠤᠪᠢᠷᠠᠯᠳᠠ᠂ ᠰᠢᠨ᠎ᠡ | ᠠᠰᠠᠭᠤᠳᠠᠯ ᠳᠤ ᠵᠤᠬᠢᠴᠠᠭᠤᠯᠵᠦ᠂ ᠣᠳᠣᠬᠠᠨ ᠤ ᠬᠤᠲᠠ ᠶᠢᠨ ᠬᠠᠮᠢᠶᠠᠷᠤᠯᠲᠠ ᠳᠤ ᠲᠤᠯᠭᠠᠷᠠᠵᠤ ᠪᠠᠶᠢᠭ᠎ᠠ ᠡᠯ᠎ᠡ | ᠲᠥᠷᠥᠯ ᠤᠨ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠬᠤᠲᠠ ᠶᠢᠨ ᠵᠡᠭᠡᠯᠢ ᠭᠤᠳᠤᠮᠵᠢ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠬᠤᠲᠠ ᠶᠢᠨ | ᠬᠠᠮᠢᠶᠠᠷᠤᠯᠲᠠ ᠶᠢᠨ ᠵᠠᠭᠪᠤᠷ ᠢ ᠤᠯᠠᠮ ᠨᠢᠭᠡ ᠠᠯᠬᠤᠮ ᠰᠢᠨᠡᠴᠢᠯᠡᠵᠦ᠂ ᠬᠤᠲᠠ ᠶᠢᠨ ᠣᠷᠣᠰᠢᠨ ᠰᠠᠭᠤᠬᠤ ᠣᠷᠴᠢᠨ | ᠲᠣᠭᠤᠷᠢᠨ ᠢ ᠳᠡᠭᠡᠭᠰᠢᠯᠡᠭᠦᠯᠵᠦ ᠶᠢᠨ ᠲᠥᠯᠥᠭᠡ᠂ ︽ᠪᠦᠬᠦᠨ ᠢ ᠪᠦᠷᠬᠦᠭᠦᠯᠬᠦ᠂ ᠨᠠᠷᠢᠯᠢᠭᠵᠢᠭᠤᠯᠬᠤ᠂ ᠤᠷᠲᠤ | ᠬᠤᠭᠤᠴᠠᠭ᠎ᠠ ᠪᠦᠲᠦᠮᠵᠢᠲᠡᠢ ᠪᠠᠶᠢᠬᠤ︾ ᠬᠠᠮᠢᠶᠠᠷᠤᠯᠲᠠ ᠶᠢᠨ ᠰᠡᠳᠬᠢᠴᠡ ᠶᠣᠰᠣᠭᠠᠷ᠂ ᠮᠠᠨ ᠤ ᠬᠤᠲᠠ ᠶᠢᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ | ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ | ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ︽ᠬᠤᠲᠠ ᠶᠢᠨ | ᠬᠠᠮᠢᠶᠠᠷᠤᠯᠲᠠ ᠨᠢ ᠬᠤᠸᠠᠷ ᠬᠠᠳᠬᠤᠭᠰᠠᠨ ᠰᠢᠭ᠋ ᠨᠠᠷᠢᠨ ᠨᠢᠭᠲᠠ ᠪᠠᠶᠢᠬᠤ︾ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ︽ᠳᠥᠷᠪᠡᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠠᠷ ᠤᠳᠤᠷᠢᠳᠤᠮᠵᠢ ᠪᠣᠯᠭᠠᠵᠤ᠂ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠢ᠂ | ᠨᠡᠭᠡᠭᠡᠯᠲᠡ ᠲᠠᠢ᠂ ᠬᠠᠮᠲᠤᠪᠠᠷ ᠡᠳ᠋ᠯᠡᠬᠦ ᠬᠦᠭᠵᠢᠯᠳᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ | ᠬᠤᠲᠠ ᠶᠢᠨ ᠬᠠᠮᠢᠶᠠᠷᠤᠯᠲᠠ ᠶᠢᠨ ᠤᠳᠤᠬᠢᠴᠢᠯᠠᠯᠳᠠ ᠪᠠᠷ ᠴᠢᠭᠯᠡᠯ ᠪᠣᠯᠭᠠᠵᠤ᠂ ᠬᠡᠷᠡᠭᠵᠢᠭᠦᠯᠬᠦ ︽ᠵᠡᠭᠡᠯᠢ | ᠭᠤᠳᠤᠮᠵᠢ ᠶᠢᠨ ᠳᠠᠷᠤᠭ᠎ᠠ ᠶᠢᠨ ᠳᠦᠷᠢᠮ︾ ᠢᠶᠠᠷ ᠭᠠᠷᠳᠠᠴᠠ ᠪᠣᠯᠭᠠᠵᠤ᠂ ᠮᠠᠨ ᠤ ᠬᠤᠲᠠ ᠶᠢᠨ ᠳᠦᠷᠢ ᠲᠥᠷᠬᠦ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠨᠣᠭᠤᠭᠠᠷᠠᠭᠤᠯᠤᠯᠲᠠ ᠶᠢ ᠭᠡᠷᠡᠯᠳᠦᠭᠦᠯᠬᠦ᠂ ᠵᠠᠬ᠎ᠠ ᠳᠡᠯᠭᠡᠭᠦᠷ ᠤᠨ ᠡᠮᠬᠢ | ᠳᠢᠭᠯᠢᠮ᠂ ᠵᠠᠮ ᠬᠠᠷᠢᠯᠴᠠᠭᠠᠨ ᠤ ᠡᠮᠬᠢ ᠳᠢᠭᠯᠢᠮ ᠵᠡᠷᠭᠡ ᠬᠠᠮᠢᠶᠠᠷᠤᠯᠳᠠ ᠶᠢᠨ ᠠᠵᠢᠯ ᠢ ᠬᠦᠴᠦᠯᠡᠨ ᠰᠠᠶᠢᠲᠤᠷ | ᠠᠳᠬᠤᠵᠤ᠂ ᠣᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ | ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ︵ᠬᠤᠶᠠᠷ︶ ᠠᠵᠢᠯ ᠤᠨ ᠬᠠᠷᠠᠯᠲᠠ᠃ ︽ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠠᠵᠢᠯ ᠤᠨ | ᠬᠠᠷᠠᠯᠲᠠ ᠶᠢ ᠲᠣᠳᠣᠷᠬᠠᠶᠢᠯᠠᠬᠤ᠂ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ | ᠬᠠᠮᠢᠶᠠᠷᠤᠯᠲᠠ ᠶᠢ ᠴᠢᠩᠭ᠎ᠠ ᠬᠢᠨᠠᠨ ᠰᠢᠯᠭᠠᠬᠤ︾ ᠱᠠᠭᠠᠷᠳᠠᠯᠭ᠎ᠠ ᠶᠣᠰᠣᠭᠠᠷ᠂ ᠬᠤᠲᠠ ᠶᠢᠨ ᠲᠣᠭᠤᠷᠢᠭ ᠵᠡᠭᠡᠯᠢ | ᠭᠤᠳᠤᠮᠵᠢ ᠶᠢ ᠪᠦᠬᠦᠨ ᠢ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠳᠤ | ᠣᠷᠣᠭᠤᠯᠤᠨ᠎ᠠ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢ | ᠨᠠᠶᠢᠳᠠᠪᠤᠷᠢᠵᠢᠭᠤᠯᠬᠤ ᠪᠠᠷ ᠲᠠᠮᠵᠢᠭᠤᠯᠤᠨ᠂ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠷᠲᠤ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠳᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ | ᠲᠦᠮᠡᠨ ᠤ ᠪᠣᠯᠪᠠᠰᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠣᠷᠴᠢᠨ | ᠲᠣᠭᠤᠷᠢᠨ ᠤ ᠵᠠᠰᠠᠯᠲᠠ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠨᠢᠭᠡᠨ ᠰᠢᠰᠲ᠋ᠧᠮ ︵ᠳᠠᠷᠤᠶ ︽ᠵᠡᠭᠡᠯᠢ ᠭᠤᠳᠤᠮᠵᠢ ᠶᠢᠨ ᠶᠡᠷᠦᠩᠬᠡᠶ ᠳᠠᠷᠤᠭ᠎ᠠ—ᠵᠡᠭᠡᠯᠢ ᠭᠤᠳᠤᠮᠵᠢ ᠶᠢᠨ ᠲᠠᠷᠤᠭ᠎ᠠ︾ | ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ︽ᠭᠤᠷᠪᠠᠨ ᠵᠦᠢᠯ ᠤᠨ | ᠲᠣᠭᠲᠠᠴᠠ︾ ︵ᠳᠠᠷᠤᠶ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠲᠣᠭᠲᠠᠴᠠ᠂ ᠨᠡᠶᠢᠭᠡᠮ ᠤᠨ ᠬᠢᠨᠠᠯᠲᠠ | ᠲᠠᠯᠪᠢᠬᠤ ᠲᠣᠭᠲᠠᠴᠠ᠂ ᠬᠢᠨᠠᠨ ᠰᠢᠯᠭᠠᠵᠤ ᠱᠠᠩᠨᠠᠵᠤ ᠲᠣᠷᠭᠠᠬᠤ ᠲᠣᠭᠲᠠᠴᠠ︶ ᠶᠢ ᠪᠠᠶᠢᠭᠤᠯᠵᠤ᠂ ︽ᠳᠣᠯᠤᠭ᠎ᠠ ᠳᠤ | ᠬᠢᠨᠠᠯᠲᠠ ᠲᠠᠯᠪᠢᠬᠤ︾ ︵ᠳᠠᠷᠤᠶ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ᠂ ᠬᠤᠲᠠ ᠶᠢᠨ | ᠳᠦᠷᠢ ᠲᠥᠷᠬᠦ ᠶᠢᠨ ᠡᠮᠬᠢ ᠳᠢᠭᠯᠢᠮ ᠳᠤ ᠬᠢᠨᠠᠯᠲᠠ ᠲᠠᠯᠪᠢᠬᠤ᠂ ᠵᠠᠮ ᠬᠠᠷᠢᠯᠴᠠᠭᠠᠨ ᠤ ᠡᠮᠬᠢ ᠵᠢᠷᠤᠮ ᠳᠤ ᠬᠢᠨᠠᠯᠲᠠ | ᠲᠠᠯᠪᠢᠬᠤ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠳᠤ ᠬᠢᠨᠠᠯᠲᠠ ᠲᠠᠯᠪᠢᠬᠤ᠂ ᠬᠠᠤᠯᠢ ᠠᠴᠠ ᠵᠥᠷᠢᠴᠡᠭᠰᠡᠨ | ᠪᠠᠶᠢᠭᠤᠯᠤᠯᠲᠠ ᠳᠤ ᠬᠢᠨᠠᠯᠲᠠ ᠲᠠᠯᠪᠢᠬᠤ᠂ ᠴᠡᠴᠡᠷᠯᠢᠭ ᠤᠨ ᠨᠣᠭᠤᠭᠠᠷᠠᠭᠤᠯᠤᠯᠲᠠ ᠳᠤ ᠬᠢᠨᠠᠯᠲᠠ ᠲᠠᠯᠪᠢᠬᠤ᠂ ᠵᠢᠵᠢᠭ | ᠲᠣᠭᠤᠷᠢᠭ ᠤᠨ ᠠᠳᠠᠯ ᠠᠬᠤᠶ ᠶᠢᠨ ᠣᠷᠴᠢᠨ ᠲᠣᠭᠤᠷᠢᠨ ᠳᠤ ᠬᠢᠨᠠᠯᠲᠠ ᠲᠠᠯᠪᠢᠬᠤ︶ ᠶᠢ ᠨᠠᠶᠢᠳᠠᠪᠤᠷᠢᠵᠢᠭᠤᠯᠵᠦ᠂ | ᠬᠤᠲᠠ ᠶᠢᠨ ᠴᠢᠨᠠᠷ ᠳᠡᠰ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠬᠡᠪᠡᠷ ᠳᠡᠭᠡᠭᠰᠢᠯᠡᠭᠦᠯᠬᠦ ᠶᠢ | ᠪᠡᠶᠡᠯᠡᠭᠦᠯᠵᠦ᠂ ᠣᠷᠣᠰᠢᠨ ᠰᠠᠭᠤᠭᠰᠠᠳ ᠲᠤ ᠤᠮᠤᠬᠰᠢᠬᠤ᠂ ᠭᠠᠳᠠᠨ᠎ᠠ ᠠᠴᠠ ᠢᠷᠡᠭᠰᠡᠳ ᠲᠤ ᠬᠤᠴᠤᠷᠠᠬᠤ | ᠲᠦᠷᠦᠭᠳᠡᠯ ᠲᠠᠢ ᠪᠠᠶᠢᠬᠤ ᠬᠠᠷᠠᠯᠲᠠ ᠳᠤ ᠬᠦᠷᠦᠬᠦᠯᠦᠨ᠎ᠡ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ | ᠬᠤᠲᠠ ᠶᠢᠨ ᠲᠣᠭᠤᠷᠢᠭ ᠤᠨ ᠪᠤᠢ ᠪᠦᠬᠦᠢ ᠵᠡᠭᠡᠯᠢ ᠭᠤᠳᠤᠮᠵᠢ ᠶᠢ ᠠᠩᠭᠢᠯᠠᠵᠤ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠣᠪᠴᠢᠶᠠᠨ ᠤ ᠲᠠᠷᠤᠭ᠎ᠠ ᠶᠢᠨ ᠲᠤᠰᠢᠶᠠᠯ ᠢ | ᠬᠠᠷᠢᠭᠤᠴᠠᠵᠤ᠂ ᠵᠡᠭᠡᠯᠢ ᠭᠤᠳᠤᠮᠵᠢ ᠨᠢᠭᠡᠪᠦᠷᠢ ᠶᠢ ᠨᠢᠭᠡ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠶᠢᠨ ᠲᠣᠪᠴᠢᠶᠠᠨ ᠤ ᠠᠵᠢᠯᠲᠠᠨ ᠵᠡᠭᠡᠯᠢ ᠭᠤᠳᠤᠮᠵᠢ ᠶᠢᠨ ᠳᠠᠷᠤᠭ᠎ᠠ ᠪᠠᠷ ᠲᠣᠮᠢᠯᠠᠨ᠎ᠠ᠃ ᠣᠷᠴᠢᠨ | ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠬᠦᠴᠦᠨ ᠢ ᠨᠢᠭᠡᠳᠦᠯᠲᠡᠶ ᠲᠥᠯᠥᠪᠯᠡᠵᠦ᠂ ᠪᠦᠬᠦ ᠡᠳᠦᠷ ᠢᠶᠠᠷ ᠢᠶᠠᠨ | ᠬᠤᠲᠠ ᠶᠢᠨ ᠨᠠᠷᠢᠯᠢᠭᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠨᠢᠭᠦᠯᠵᠦ᠂ ᠡᠳᠦᠷ ᠰᠥᠨᠢ ᠨᠢᠭᠡ | ᠶᠠᠩᠵᠤ᠂ ᠵᠡᠭᠡᠯᠢ ᠭᠤᠳᠤᠮᠵᠢ ᠨᠢᠭᠡ ᠶᠠᠩᠵᠤ ᠪᠠᠶᠢᠬᠤ ᠶᠢ ᠦᠨᠡᠨᠬᠦ ᠪᠠᠲᠤᠯᠠᠨ᠎ᠠ᠃ ︽ᠵᠡᠭᠡᠯᠢ ᠭᠤᠳᠤᠮᠵᠢ ᠶᠢᠨ | ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠪᠦᠷᠢᠨ ᠡᠷᠬᠡ ᠲᠠᠢ ᠬᠠᠷᠢᠭᠤᠴᠠᠵᠦ᠂ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ | ᠨᠠᠶᠢᠳᠠᠪᠤᠷᠢᠵᠢᠭᠤᠯᠵᠦ᠂ ᠠᠵᠢᠯ ᠤᠨ ᠡᠭᠦᠷᠭᠡ ᠶᠢ ᠨᠠᠷᠢᠯᠢᠭᠵᠢᠭᠤᠯᠤᠨ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ | ︽ᠵᠡᠭᠡᠯᠢ ᠭᠤᠳᠤᠮᠵᠢ ᠶᠢᠨ ᠳᠦᠷᠢᠮ︾ ᠤᠨ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠢᠨᠠᠨ ᠰᠢᠯᠭᠠᠭᠰᠠᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ︽ᠵᠡᠭᠡᠯᠢ ᠭᠤᠳᠤᠮᠵᠢ ᠶᠢᠨ | ᠳᠠᠷᠤᠭ᠎ᠠ ᠶᠢᠨ ᠳᠦᠷᠢᠮ︾ ᠤᠨ ᠡᠳᠦᠷ ᠲᠤᠲᠤᠮ ᠤᠨ ᠠᠵᠢᠯ ᠤᠨ ᠬᠡᠷᠡᠭᠵᠢᠭᠦᠯᠦᠯᠲᠡ ᠶᠢ ᠬᠠᠷᠢᠭᠤᠴᠠᠨ᠎ᠠ᠃ | ᠭᠤᠷᠪᠠ᠂ ᠭᠤᠤᠯ ᠡᠭᠦᠷᠭᠡ ᠬᠠᠷᠢᠭᠤᠴᠠᠯᠭ᠎ᠠ | ᠡᠯ᠎ᠡ ᠵᠡᠭᠡᠯᠢ ᠭᠤᠳᠤᠮᠵᠢ ᠶᠢᠨ ᠳᠠᠷᠤᠭ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠵᠢᠴᠢ ᠡᠭᠦᠷᠭᠡ ᠨᠢ ︽ᠲᠤᠯᠤᠭᠠᠨ | ᠬᠢᠨᠠᠯᠲᠠ︾ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠪᠠᠶᠢᠵᠦ᠂ ᠪᠣᠳᠠᠲᠠᠶ ᠠᠭᠤᠯᠭ᠎ᠠ ᠨᠢ ᠳᠣᠤᠷᠠᠬᠢ ᠮᠡᠲᠦ᠄ | ︵ᠨᠢᠭᠡ︶ ᠣᠷᠴᠢᠨ ᠲᠣᠭᠤᠷᠢᠨ ᠤ ᠠᠷᠢᠭᠤᠨ ᠴᠡᠪᠡᠷ ᠲᠤ ᠬᠢᠨᠠᠯᠲᠠ ᠲᠠᠯᠪᠢᠨ᠎ᠠ᠃ ᠠᠷᠢᠭᠤᠨ ᠴᠡᠪᠡᠷ ᠤᠨ | ᠥᠨᠴᠥᠭ ᠪᠤᠯᠤᠩ ᠦᠭᠡᠢ᠂ ᠬᠤᠭ ᠨᠣᠪᠰᠢ᠂ ᠴᠠᠭᠠᠨ ᠥᠩᠭᠡᠲᠦ ᠬᠤᠭ ᠨᠣᠪᠰᠢ᠂ ᠲᠠᠮᠠᠬᠢᠨ ᠤᠳᠤᠭ᠎ᠠ᠂ ᠪᠣᠬᠢᠷ | ᠤᠰᠤ ᠬᠤᠷᠠᠵᠤ ᠬᠠᠳᠠᠭᠠᠯᠠᠬᠤ ᠦᠭᠡᠢ ᠶᠢ ᠦᠨᠡᠨᠬᠦ ᠪᠠᠲᠤᠯᠠᠬᠤ ᠬᠡᠷᠡᠭᠲᠡᠶ᠃ ᠬᠤᠭ ᠨᠣᠪᠰᠢ ᠰᠢᠲᠠᠭᠠᠬᠤ ᠠᠵᠢᠯᠯᠠᠭ᠎ᠠ | ᠥᠬᠡᠶ︔ ᠵᠢᠮᠢᠰ ᠤᠨ ᠬᠠᠯᠢᠰᠤᠨ ᠬᠠᠶᠢᠷᠴᠠᠭ ᠨᠢ ᠴᠡᠪᠡᠷ ᠴᠡᠮᠴᠡᠭᠡᠷ ᠪᠥᠭᠡᠳ ᠪᠦᠷᠢᠨ ᠪᠦᠲᠦᠨ ᠪᠠᠶᠢᠵᠤ᠂ ᠬᠤᠭ | ᠨᠣᠪᠰᠢ ᠶᠢᠨ ᠰᠠᠭᠤᠮᠠᠯ ᠪᠠᠶᠢᠬᠤ ᠥᠬᠡᠶ︔ ᠨᠡᠶᠢᠲᠡ ᠶᠢᠨ ᠵᠣᠷᠯᠣᠩ ᠢ ᠴᠠᠭ ᠲᠤᠬᠠᠶ ᠳᠤᠨᠢ ᠰᠦᠢᠳᠭᠡᠯ ᠬᠤᠷᠢᠶᠠᠬᠤ | ᠥᠬᠡᠶ ᠪᠠᠷ ᠨᠡᠭᠡᠭᠡᠬᠦ ᠮᠥᠷᠲᠡᠭᠡᠨ ᠪᠡᠯᠡᠳᠭᠡᠮᠵᠢ ᠨᠢ ᠪᠦᠷᠢᠨ ᠪᠦᠲᠦᠨ ᠪᠠᠶᠢᠵᠤ᠂ ᠢᠯᠠᠭ᠎ᠠ ᠪᠠᠲᠠᠭᠠᠨ᠎ᠠ᠂ ᠬᠠᠴᠢᠨ | ᠦᠨᠦᠷ᠂ ᠪᠠᠭᠠᠰᠤ ᠰᠢᠭᠡᠰᠦ ᠥᠬᠡᠶ᠃ | ︵ᠬᠤᠶᠠᠷ︶ ᠬᠤᠲᠠ ᠶᠢᠨ ᠦᠵᠡᠮᠵᠢ ᠶᠢᠨ ᠡᠮᠬᠢ ᠳᠢᠭᠯᠢᠮ ᠳᠤ ᠬᠢᠨᠠᠯᠲᠠ ᠲᠠᠯᠪᠢᠨ᠎ᠠ᠃ ᠵᠠᠮ ᠡᠵᠡᠯᠡᠨ ᠡᠵᠡᠩᠨᠡᠬᠦ᠂ | ᠡᠭᠦᠳᠡ ᠠᠯᠤᠰᠯᠠᠨ ᠡᠵᠡᠩᠨᠡᠬᠦ᠂ ᠵᠠᠳᠠᠭᠠᠶ ᠰᠢᠷᠠᠮᠠᠯ ᠪᠠ ᠲᠡᠨᠦᠭᠦᠯ ᠬᠤᠳᠠᠯᠳᠤᠭᠠᠴᠢᠨ ᠫᠠᠨᠽᠠᠯᠠᠭᠴᠢ ᠵᠡᠷᠭᠡ ᠦᠵᠡᠭᠳᠡᠯ | ᠦᠭᠡᠢ ᠶᠢ ᠦᠨᠡᠨᠬᠦ ᠪᠠᠲᠤᠯᠠᠬᠤ ᠬᠡᠷᠡᠭᠲᠡᠶ︔ ᠡᠯ᠎ᠡ ᠵᠦᠢᠯ ᠤᠨ ᠱᠤᠤᠭᠢᠶᠠᠨ᠂ ᠲᠣᠰᠣᠨ ᠤᠲᠤᠭᠠᠨ ᠤ ᠪᠣᠬᠢᠷᠲᠤᠯ | ᠦᠭᠡᠢ︔ ᠬᠠᠮᠢᠶ᠎ᠠ ᠨᠠᠮᠢᠶ᠎ᠠ ᠦᠭᠡᠢ ︽ᠵᠢᠵᠢᠭ ᠵᠠᠷ︾ ᠢ ᠨᠠᠭᠠᠵᠤ ᠳᠤᠷ᠎ᠠ ᠪᠠᠷ ᠢᠶᠠᠨ ᠵᠢᠷᠤᠬᠤ︔ ᠬᠥᠨᠳᠡᠯᠡᠨ ᠭᠤᠯᠳᠤ | ᠤᠷᠢᠶ᠎ᠠ ᠯᠣᠽᠦ᠋ᠩ᠂ ᠤᠲᠠᠰᠤ ᠳᠡᠭᠡᠰᠦ ᠶᠢ ᠬᠠᠮᠢᠶ᠎ᠠ ᠨᠠᠮᠢᠶ᠎ᠠ ᠦᠭᠡᠶ ᠲᠠᠲᠠᠳᠠᠭ ᠵᠡᠭᠡᠯᠢ ᠳᠠᠭᠠᠤ ᠬᠤᠪᠴᠠᠰᠤ | ᠬᠤᠨᠠᠷ ᠢᠶᠠᠨ ᠬᠠᠲᠠᠭᠠᠬᠤ᠂ ᠵᠦᠯᠭᠦᠭᠦᠷ ᠢᠶᠠᠨ ᠬᠠᠲᠠᠭᠠᠬᠤ︔ ᠡᠪᠳᠡᠷᠡᠭᠰᠡᠨ᠂ ᠦᠰᠦᠭ ᠤᠨ ᠲᠢᠭ ᠨᠢ ᠡᠷᠡᠮᠳᠡᠭ | ᠵᠡᠮᠳᠡᠭ᠂ ᠭᠡᠷᠡᠯ ᠲᠠᠰᠤᠷᠠᠭᠰᠠᠨ᠂ ᠳ᠋ᠧᠩ ᠤᠨ ᠬᠡᠷᠡᠭᠰᠡᠯ ᠨᠢ ᠡᠪᠳᠡᠭᠳᠡᠭᠰᠡᠨ ᠵᠠᠷ ᠤᠨ ᠫᠠᠶᠢᠰᠠ︔ ᠣᠯᠠᠨ ᠨᠡᠶᠢᠲᠡ ᠶᠢᠨ | ᠲᠥᠬᠦᠭᠡᠷᠦᠮᠵᠢ᠂ ᠣᠶ ᠮᠣᠳᠣ᠂ ᠵᠦᠯᠭᠡ ᠭᠠᠵᠠᠷ ᠵᠡᠷᠭᠡ ᠶᠢ ᠡᠵᠡᠯᠡᠨ ᠬᠡᠷᠡᠭᠯᠡᠭᠰᠡᠨ ᠭᠠᠵᠠᠷ ᠤᠨ ᠭᠠᠳᠠᠨᠠᠬᠢ ᠵᠠᠷ ᠮᠡᠳᠡᠭᠡ | ᠦᠭᠡᠢ︔ ᠡᠯ᠎ᠡ ᠵᠦᠢᠯ ᠤᠨ ᠵᠠᠮ ᠡᠵᠡᠯᠡᠭᠰᠡᠨ ᠬᠤᠳᠠᠯᠳᠤᠭᠠᠨ ᠤ ᠵᠠᠷ ᠤᠨ ᠳ᠋ᠧᠩ ᠤᠨ ᠬᠠᠶᠢᠷᠴᠠᠭ ᠪᠠ ᠫᠠᠶᠢᠰᠠ ᠵᠡᠷᠭᠡ | ᠦᠭᠡᠢ᠃ | ︵ᠭᠤᠷᠪᠠ︶ ᠵᠠᠮ ᠬᠠᠷᠢᠯᠴᠠᠭᠠᠨ ᠤ ᠡᠮᠬᠢ ᠳᠢᠭᠯᠢᠮ ᠳᠤ ᠬᠢᠨᠠᠯᠲᠠ ᠲᠠᠯᠪᠢᠨ᠎ᠠ᠃ ᠬᠠᠮᠢᠶ᠎ᠠ ᠨᠠᠮᠢᠶ᠎ᠠ ᠦᠭᠡᠢ | ᠵᠣᠭᠰᠣᠵᠤ ᠬᠠᠮᠢᠶ᠎ᠠ ᠨᠠᠮᠢᠶ᠎ᠠ ᠦᠭᠡᠢ ᠲᠠᠯᠪᠢᠬᠤ ᠦᠭᠡᠢ ᠶᠢ ᠪᠠᠲᠤᠯᠠᠬᠤ ᠬᠡᠷᠡᠭᠲᠡᠢ︔ ᠮᠠᠰᠢᠨᠲᠤ ᠲᠡᠷᠭᠡ᠂ ᠴᠠᠬᠢᠯᠭᠠᠨ | ᠬᠥᠳᠡᠯᠭᠡᠭᠦᠷᠲᠦ ᠲᠡᠷᠭᠡ᠂ ᠳᠤᠭᠤᠶ ᠲᠡᠷᠭᠡ ᠵᠡᠷᠭᠡ ᠬᠤᠳᠠ ᠶᠢᠨ ᠳᠦᠷᠰᠦ ᠪᠠᠶᠢᠳᠠᠯ ᠪᠠ ᠵᠠᠮ ᠬᠠᠷᠢᠯᠴᠠᠭᠠᠨ ᠤ ᠡᠮᠬᠢ | ᠵᠢᠷᠤᠮ ᠢ ᠨᠥᠯᠥᠭᠡᠯᠡᠬᠦ ᠦᠢᠯᠡ ᠠᠵᠢᠯᠯᠠᠭ᠎ᠠ ᠦᠭᠡᠢ︔ ᠭᠠᠵᠠᠷ ᠤᠨ ᠪᠠᠭᠠᠨ᠎ᠠ ᠶᠢᠨ ᠭᠠᠵᠠᠷ ᠤᠨ ᠣᠨᠢᠰᠤ ᠶᠢ | ᠳᠤᠷ᠎ᠠ ᠪᠠᠷ ᠢᠶᠠᠨ ᠲᠣᠬᠢᠷᠠᠭᠤᠯᠤᠭᠰᠠᠨ ᠪᠠ ᠬᠠᠶᠠᠭᠳᠠᠮᠠᠯ ᠬᠠᠭᠤᠴᠢᠨ ᠡᠳ᠋ ᠤᠨ ᠲᠡᠷᠭᠡᠨ ᠤ ᠪᠠᠶᠢᠷᠢ ᠶᠢ ᠡᠵᠡᠯᠡᠨ | ᠬᠡᠷᠡᠭᠯᠡᠬᠦ ᠦᠭᠡᠢ ᠶᠢ ᠪᠠᠳᠤᠯᠠᠬᠤ ᠬᠡᠷᠡᠭᠲᠡᠶ᠃ | ︵ᠲᠦᠷᠪᠡ︶ ᠬᠤᠲᠠ ᠶᠢᠨ ᠶᠠᠪᠤᠳᠠᠯ ᠤᠨ ᠪᠡᠯᠡᠳᠬᠡᠮᠵᠢ ᠳᠤ ᠬᠢᠨᠠᠯᠲᠠ ᠲᠠᠯᠪᠢᠨ᠎ᠠ᠃ ᠵᠠᠮ ᠤᠨ ᠨᠢᠭᠤᠷ | ᠬᠤᠲᠣᠭᠤᠷ ᠬᠦᠳᠦᠭᠦᠷ ᠠᠩ ᠵᠠᠪᠰᠠᠷ ᠦᠭᠡᠢ ᠶᠢ ᠦᠨᠡᠨ ᠬᠦ ᠪᠠᠲᠤᠯᠠᠬᠤ ᠬᠡᠷᠡᠭᠲᠡᠶ︔ ᠬᠥᠮᠦᠨ ᠶᠠᠪᠤᠬᠤ ᠵᠠᠮ ᠨᠢ | ᠡᠪᠳᠡᠷᠡᠯ ᠰᠦᠢᠳᠦᠯ ᠦᠭᠡᠢ︔ ᠵᠠᠮ ᠲᠠᠭᠠᠤ ᠨᠢ ᠴᠢᠯᠠᠭᠤ ᠪᠠ ᠬᠤᠲᠣᠭᠤᠷ ᠭᠦᠳᠦᠭᠦᠷ ᠬᠠᠵᠠᠶᠢᠵᠤ ᠬᠠᠭᠠᠷᠠᠭᠰᠠᠨ | ᠥᠨᠴᠥᠭ ᠨᠢ ᠲᠡᠭᠰᠢ ᠦᠭᠡᠢ ᠪᠠᠶᠢᠳᠠᠯ ᠦᠭᠡᠢ︔ ᠪᠠᠶᠢᠴᠠᠭᠠᠯᠲᠠ ᠬᠢᠬᠦ ᠳᠤ ᠬᠤᠳᠳᠤᠭ ᠡᠪᠳᠡᠭᠳᠡᠨ ᠨᠤᠷᠠᠵᠤ | ᠳᠣᠷᠭᠢᠯᠳᠤᠨ ᠬᠥᠳᠡᠯᠬᠦ ᠪᠠ ᠠᠰᠬᠠᠷᠠᠬᠤ ᠪᠠᠶᠢᠳᠠᠯ ᠦᠭᠡᠢ︔ ᠬᠤᠪᠢ ᠪᠠᠷ ᠢᠶᠠᠨ ᠬᠤᠭᠤᠯᠠᠢ ᠵᠠᠯᠭᠠᠬᠤ ᠵᠡᠷᠭᠡ ᠪᠤᠰᠤᠳ | ᠪᠣᠬᠢᠷ ᠤᠰᠤ ᠶᠢ ᠳᠤᠷ᠎ᠠ ᠪᠠᠷ ᠢᠶᠠᠨ ᠭᠠᠳᠠᠭᠰᠢᠯᠠᠭᠤᠯᠤᠨ ᠲᠠᠯᠪᠢᠬᠤ ᠪᠠᠶᠢᠳᠠᠯ ᠦᠭᠡᠢ︔ ᠭᠤᠤᠯ ᠤᠨ ᠵᠠᠮ ᠤᠨ | ᠣᠶᠢᠷᠠᠯᠴᠠᠭ᠎ᠠ ᠡᠷᠭᠢ ᠳᠤ ᠳᠤᠷ᠎ᠠ ᠪᠠᠷ ᠭᠠᠳᠠᠭᠰᠢᠯᠠᠭᠤᠯᠬᠤ ᠥᠬᠡᠶ᠂ ᠬᠤᠭ ᠨᠣᠪᠰᠢ ᠬᠤᠷᠠᠮᠳᠤᠭᠤᠯᠤᠨ ᠬᠦᠪᠦᠭᠦᠯᠬᠦ | ᠦᠭᠡᠢ᠂᠂ ᠡᠷᠭᠢ ᠬᠠᠮᠠᠭᠠᠯᠠᠬᠤ ᠬᠡᠷᠡᠰᠬᠡ ᠬᠠᠮᠠᠭᠠᠯᠠᠬᠤ ᠵᠡᠷᠭᠡ ᠪᠡᠯᠡᠳᠬᠡᠮᠵᠢ ᠡᠪᠳᠡᠭᠳᠡᠭᠰᠡᠨ ᠵᠢᠴᠢ ᠬᠠᠤᠯᠢ ᠪᠤᠰᠤ ᠪᠠᠷ | ᠠᠩᠨᠠᠵᠤ ᠱᠦᠭᠦᠬᠦ ᠠᠵᠢᠯᠯᠠᠭ᠎ᠠ ᠦᠭᠡᠢ︔ ᠵᠠᠮ ᠤᠨ ᠬᠤᠶᠠᠷ ᠬᠠᠵᠠᠭᠤ ᠪᠠᠷ ᠪᠠᠶᠢᠭᠤᠯᠤᠭᠰᠠᠨ ᠪᠣᠳᠠᠰ ᠤᠨ ᠡᠪᠳᠡᠷᠡᠵᠦ | ᠬᠠᠭᠤᠴᠢᠷᠠᠭᠰᠠᠨ ᠡᠮᠬᠢ ᠵᠠᠮᠪᠠᠷᠠᠭ᠎ᠠ ᠥᠬᠡᠶ ᠪᠠᠶᠢᠬᠤ ᠵᠡᠷᠭᠡ ᠴᠡᠪᠡᠷ ᠲᠡᠭᠰᠢ ᠭᠤᠸ᠎ᠠ ᠰᠠᠶᠢᠬᠠᠨ ᠢ ᠨᠥᠯᠥᠭᠡᠯᠡᠭᠰᠡᠨ | ᠠᠰᠠᠭᠤᠳᠠᠯ ᠦᠭᠡᠢ︔ ᠵᠠᠮ ᠬᠠᠷᠢᠯᠴᠠᠭ᠎ᠠ᠂ ᠮᠡᠳᠡᠭᠡ ᠬᠤᠯᠪᠣᠭ᠎ᠠ᠂ ᠴᠠᠬᠢᠯᠭᠠᠨ ᠬᠦᠴᠦᠨ᠂ ᠨᠡᠶᠢᠲᠡ ᠶᠢᠨ | ᠬᠡᠷᠡᠭᠯᠡᠭᠡᠨ ᠤ ᠦᠢᠯᠡᠰ ᠵᠡᠷᠭᠡ ᠪᠡᠯᠡᠳᠬᠡᠮᠵᠢ ᠨᠢ ᠡᠪᠳᠡᠷᠡᠯ ᠰᠦᠢᠳᠦᠯ ᠥᠬᠡᠶ ᠬᠠᠵᠠᠭᠠᠶ ᠮᠤᠰᠢᠩᠬᠠᠢ ᠵᠢᠪᠡᠷᠡᠵᠦ | ᠢᠳᠡᠭᠳᠡᠭᠰᠡᠨ ᠦᠭᠡᠢ︔ ᠪᠠᠷᠢᠯᠭ᠎ᠠ ᠶᠢᠨ ᠭᠠᠵᠠᠷ ᠢ ᠪᠢᠲᠡᠭᠦᠮᠵᠢᠯᠡᠵᠦ᠂ ᠪᠠᠷᠢᠯᠭ᠎ᠠ ᠶᠢᠨ ᠮᠠᠰᠢᠨ᠂ ᠪᠣᠳᠠᠰ ᠤᠨ | ᠮᠠᠲ᠋ᠧᠷᠢᠶᠠᠯ ᠢ ᠵᠡᠷᠭᠡᠯᠡᠨ ᠲᠠᠯᠪᠢᠵᠤ᠂ ᠬᠦᠷᠢᠶᠡᠯᠡᠨ ᠬᠠᠰᠢᠬᠤ ᠨᠢ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠶ᠃ | ︵ᠲᠠᠪᠤ︶ ᠬᠠᠤᠯᠢ ᠠᠴᠠ ᠵᠥᠷᠢᠴᠡᠭᠰᠡᠨ ᠪᠠᠶᠢᠭᠤᠯᠤᠯᠲᠠ ᠳᠤ ᠬᠢᠨᠠᠯᠲᠠ ᠲᠠᠯᠪᠢᠨ᠎ᠠ᠃ ᠬᠤᠲᠠ ᠶᠢᠨ ᠶᠠᠪᠤᠳᠠᠯ ᠤᠨ | ᠵᠠᠮ ᠤᠨ ᠬᠡᠪᠴᠢᠶᠡᠨ ᠳᠣᠲᠣᠷ᠎ᠠ ᠵᠠᠮ ᠡᠵᠡᠯᠡᠬᠦ ᠪᠣᠳᠠᠰ ᠦᠭᠡᠢ ᠪᠠᠶᠢᠬᠤ ᠶᠢ ᠦᠨᠡᠨᠬᠦ ᠪᠠᠳᠤᠯᠠᠬᠤ ᠬᠡᠷᠡᠭᠲᠡᠶ︔ ᠭᠤᠶᠠᠴᠢ | ᠦᠭᠡᠢ ᠳᠤᠷ᠎ᠠ ᠪᠠᠷ ᠢᠶᠠᠨ ᠪᠠᠶᠢᠭᠤᠯᠬᠤ︔ ᠶᠠᠭ ᠪᠠᠷᠢᠵᠤ ᠪᠠᠶᠢᠭ᠎ᠠ ᠪᠠᠷᠢᠯᠭ᠎ᠠ ᠶᠢᠨ ᠭᠠᠵᠠᠷ ᠨᠢ ᠱᠠᠭᠠᠷᠳᠠᠯᠭ᠎ᠠ ᠶᠣᠰᠣᠭᠠᠷ | ᠪᠦᠳᠦᠭᠡᠨ ᠪᠠᠶᠢᠭᠤᠯᠵᠤ ᠪᠠᠷᠢᠯᠭ᠎ᠠ ᠪᠠᠷᠢᠨ᠎ᠠ︔ ᠬᠤᠲᠠ ᠪᠠᠯᠭᠠᠰᠤᠨ ᠤ ᠲᠥᠯᠥᠪᠵᠢᠭᠦᠯᠭᠡ ᠠᠴᠠ ᠵᠥᠷᠢᠴᠡᠭᠰᠡᠨ ᠦᠭᠡᠢ | ᠵᠡᠷᠭᠡ ᠪᠣᠯᠤᠨ᠎ᠠ᠃ | ︵ᠵᠢᠷᠭᠤᠭ᠎ᠠ︶ ᠴᠡᠴᠡᠷᠯᠢᠭ ᠤᠨ ᠨᠣᠭᠤᠭᠠᠷᠠᠭᠤᠯᠤᠯᠲᠠ ᠳᠤ ᠬᠢᠨᠠᠯᠲᠠ ᠲᠠᠯᠪᠢᠬᠤ ᠬᠡᠷᠡᠭᠲᠡᠶ᠃ ᠰᠢᠷ᠎ᠠ | ᠬᠥᠷᠥᠰᠥ ᠶᠢᠨ ᠨᠢᠴᠦᠭᠦᠨ ᠴᠤᠬᠤᠶᠢᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠮᠣᠳᠣ ᠳᠤᠲᠠᠭᠤ ᠴᠥᠭᠡᠨ ᠪᠠ | ᠬᠤᠪᠠᠭ᠋ᠠᠶ ᠰᠠᠯᠠᠭ᠎ᠠ ᠶᠢᠨ ᠦᠯᠡᠳᠡᠭᠳᠡᠯ ᠪᠠᠶᠢᠬᠤ ᠦᠭᠡᠢ︔ ᠬᠦᠷᠢᠶ᠎ᠡ ᠬᠡᠪᠴᠢᠶ᠎ᠡ ᠦᠭᠡᠶ ᠪᠠᠷ ᠨᠣᠭᠤᠭᠠᠨ ᠥᠩᠭᠡ ᠶᠢ | ᠡᠪᠳᠡᠬᠦ ᠦᠭᠡᠢ ᠵᠦᠯᠭᠡ ᠭᠠᠵᠠᠷ ᠢ ᠡᠵᠡᠯᠡᠨ ᠳᠠᠷᠤᠬᠤ ᠥᠬᠡᠶ︔ ᠬᠠᠮᠢᠶ᠎ᠠ ᠨᠠᠮᠢᠶ᠎ᠠ ᠦᠭᠡᠢ ᠡᠯᠭᠦᠭᠦ ᠦᠭᠡᠢ︔ | ᠨᠣᠭᠤᠭᠠᠷᠠᠭᠤᠯᠤᠯᠲᠠ ᠶᠢᠨ ᠪᠦᠰᠡ᠂ ᠮᠣᠳᠣᠨ ᠴᠥᠭᠦᠷᠥᠮ ᠳᠤ ᠬᠤᠭ ᠨᠣᠪᠰᠢ᠂ ᠬᠤᠭ ᠡᠪᠡᠰᠦ ᠣᠪᠣᠭᠠᠷᠠᠨ | ᠤᠷᠭᠤᠭᠰᠠᠨ ᠦᠭᠡᠢ︔ ᠴᠢᠬᠤᠯᠠ ᠶᠡᠭᠡ ᠪᠠᠶᠠᠷ ᠤᠨ ᠡᠳᠦᠷ ᠪᠠ ᠴᠢᠬᠤᠯᠠ ᠠᠵᠢᠯᠯᠠᠭ᠎ᠠ ᠲᠣᠬᠢᠶᠠᠯᠳᠤᠪᠠᠯ | ᠬᠠᠷᠢᠭᠤᠴᠠᠬᠤ ᠣᠷᠣᠨ ᠪᠦᠰᠡ ᠶᠢᠨ ᠲᠤᠤᠷᠠᠬᠢ ᠨᠣᠭᠤᠭᠠᠷᠠᠭᠤᠯᠤᠯᠲᠠ ᠶᠢᠨ ᠪᠦᠰᠡ᠂ ᠶᠠᠪᠠᠭᠠᠨ ᠬᠥᠮᠦᠨ ᠤ ᠵᠠᠮ ᠤᠨ | ᠮᠣᠳᠣᠨ ᠤ ᠲᠠᠲᠠᠭᠠᠯ ᠳᠠᠬᠢ ᠬᠤᠭ ᠨᠣᠪᠰᠢ ᠶᠢ ᠪᠥᠬᠦ ᠲᠠᠯ᠎ᠠ ᠪᠠᠷ ᠢᠯᠭᠠᠷᠠᠭᠤᠯᠬᠤ ᠬᠡᠷᠡᠭᠲᠡᠶ᠃ | ︵ᠳᠣᠯᠤᠭ᠎ᠠ︶ ᠵᠢᠵᠢᠭ ᠲᠣᠭᠤᠷᠢᠭ ᠤᠨ ᠠᠳᠠᠯ ᠠᠬᠤᠢ ᠶᠢᠨ ᠣᠷᠴᠢᠨ ᠲᠣᠭᠤᠷᠢᠨ ᠳᠤ ᠬᠢᠨᠠᠯᠲᠠ ᠲᠠᠯᠪᠢᠨ᠎ᠠ᠃ | ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠬᠤᠶᠠᠷ ᠬᠠᠵᠠᠭᠤ ᠶᠢᠨ ᠵᠢᠵᠢᠭ ᠲᠣᠭᠤᠷᠢᠭ ᠤᠨ ᠠᠰᠠᠷ ᠬᠦᠷᠢᠶ᠎ᠡ ᠶᠢ | ᠡᠷᠦᠶ ᠬᠤᠷᠤᠶ ᠥᠬᠡᠶ ᠣᠪᠣᠭᠠᠯᠠᠬᠤ ᠥᠬᠡᠶ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠬᠦᠷᠢᠶᠡᠯᠡᠨ | ᠡᠵᠡᠯᠡᠬᠦ᠂ ᠳᠤᠷ᠎ᠠ ᠪᠠᠷ ᠢᠶᠠᠨ ᠡᠯᠭᠦᠭᠦᠯᠬᠦ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠬᠠᠶᠠᠬᠤ ᠪᠠᠶᠢᠳᠠᠯ ᠦᠭᠡᠢ︔ | ᠰᠠᠭᠤᠭᠠᠯᠢ ᠲᠣᠭᠤᠷᠢᠭ ᠤᠨ ᠡᠯ᠎ᠡ ᠲᠥᠷᠥᠯ ᠤᠨ ᠣᠯᠠᠨ ᠨᠡᠶᠢᠲᠡ ᠶᠢᠨ ᠲᠥᠬᠦᠭᠡᠷᠦᠮᠵᠢ ᠪᠦᠷᠢᠨ ᠪᠦᠲᠦᠨ ᠪᠠᠶᠢᠬᠤ | ᠵᠡᠷᠭᠡ᠃ | ᠲᠦᠷᠪᠡ᠂ ᠠᠵᠢᠯ ᠤᠨ ᠲᠣᠭᠲᠠᠴᠠ | ︵ᠨᠢᠭᠡ︶ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠎ᠠ᠃ ᠵᠡᠭᠡᠯᠢ | ᠭᠤᠳᠤᠮᠵᠢ ᠶᠢᠨ ᠳᠠᠷᠤᠭ᠎ᠠ ᠲᠦᠷᠦᠭᠦᠯᠡᠨ ᠬᠢᠵᠦ᠂ ᠬᠠᠷᠢᠭᠤᠴᠠᠵᠤ ᠪᠠᠶᠢᠭ᠎ᠠ ᠬᠤᠲᠠ ᠶᠢᠨ ᠵᠡᠭᠡᠯᠢ ᠭᠤᠳᠤᠮᠵᠢ ᠶᠢᠨ | ᠣᠷᠣᠨ ᠪᠦᠰᠡ ᠶᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠬᠠᠶ ᠶᠢᠨ | ᠲᠠᠯᠠᠪᠠᠢ ᠳᠤ ᠲᠣᠭᠤᠷᠢᠨ ᠪᠠᠶᠢᠴᠠᠭᠠᠵᠤ᠂ ᠣᠯᠵᠤ ᠮᠡᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠠᠭ ᠲᠤᠬᠠᠶ ᠳᠤᠨᠢ ᠰᠢᠪᠠᠳᠠᠨ᠎ᠠ᠃ ᠵᠠᠷᠴᠢᠮ ᠳᠡᠭᠡᠷ᠎ᠡ ᠪᠠᠨ ᠵᠡᠭᠡᠯᠢ ᠭᠤᠳᠤᠮᠵᠢ ᠶᠢᠨ | ᠶᠡᠷᠦᠩᠬᠡᠶ ᠳᠠᠷᠤᠭ᠎ᠠ ᠰᠠᠷ᠎ᠠ ᠪᠦᠷᠢ ᠲᠦᠷᠪᠡᠨ ᠤᠳᠠᠭ᠎ᠠ ᠠᠴᠠ ᠳᠤᠲᠠᠭᠤ ᠦᠭᠡᠢ ᠲᠣᠭᠤᠷᠢᠨ ᠪᠠᠶᠢᠴᠠᠭᠠᠵᠤ᠂ | ᠵᠡᠭᠡᠯᠢ ᠶᠢᠨ ᠳᠠᠷᠤᠭ᠎ᠠ ᠭᠠᠷᠠᠭ ᠪᠦᠷᠢ ᠲᠦᠷᠪᠡᠨ ᠤᠳᠠᠭ᠎ᠠ ᠲᠣᠭᠤᠷᠢᠨ ᠪᠠᠶᠢᠴᠠᠭᠠᠵᠤ᠂ ᠬᠢᠨᠠᠯᠲᠠ ᠲᠠᠯᠪᠢᠬᠤ ᠰᠠᠯᠠᠭ᠎ᠠ | ᠮᠦᠴᠢᠷ ᠪᠠᠶᠢᠭᠤᠯᠭ᠎ᠠ ᠡᠳᠦᠷ ᠪᠦᠷᠢ ᠬᠤᠶᠠᠷ ᠤᠳᠠᠭ᠎ᠠ ᠲᠣᠭᠤᠷᠢᠨ ᠪᠠᠶᠢᠴᠠᠭᠠᠵᠤ ᠪᠣᠯᠤᠨ᠎ᠠ᠃ | ︵ᠬᠤᠶᠠᠷ︶ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ᠃ ᠣᠯᠠᠨ ᠲᠦᠮᠡᠨ ᠢ ᠭᠦᠢᠴᠡᠳ | ᠳᠠᠶᠢᠴᠢᠯᠠᠨ ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠵᠤ᠂ ︽ᠵᠡᠭᠡᠯᠢ ᠭᠤᠳᠤᠮᠵᠢ ᠶᠢᠨ | ᠳᠠᠷᠤᠭ᠎ᠠ ᠶᠢᠨ ᠳᠦᠷᠢᠮ︾ ᠤᠨ ᠣᠯᠠᠨ ᠨᠡᠶᠢᠲᠡ ᠶᠢᠨ ᠬᠢᠨᠠᠯᠲᠠ ᠲᠠᠯᠪᠢᠬᠤ᠂ ᠢᠯᠡᠴᠢᠯᠡᠨ ᠮᠡᠳᠡᠭᠦᠯᠬᠦ᠂ ᠬᠦᠯᠢᠶᠡᠨ | ᠠᠪᠴᠤ ᠰᠢᠢᠳᠪᠦᠷᠢᠯᠡᠬᠦ᠂ ᠢᠯᠡ ᠨᠡᠶᠢᠲᠡᠯᠡᠬᠦ ᠳᠦᠷᠢᠮ ᠢ ᠪᠠᠶᠢᠭᠤᠯᠵᠤ᠂ ᠣᠯᠠᠨ ᠨᠡᠶᠢᠲᠡ ᠶᠢᠨ ᠣᠷᠣᠯᠴᠠᠬᠤ ᠠᠷᠭ᠎ᠠ | ᠵᠠᠮ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠶ᠃ ᠡᠭᠦᠨ ᠤ ᠬᠠᠮᠲᠤ᠂ ᠵᠢᠵᠢᠭ ᠲᠣᠭᠤᠷᠢᠭ ᠤᠨ ᠲᠤᠤᠷᠴᠢᠯᠠᠭᠰᠠᠨ | ᠬᠢᠨᠠᠯᠲᠠ ᠲᠠᠯᠪᠢᠯᠲᠠ ᠶᠢᠨ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠰᠠᠭᠤᠵᠤ ᠪᠠᠶᠢᠭ᠎ᠠ ᠠᠯᠪᠠᠨ ᠲᠤᠰᠢᠶᠠᠯᠲᠠᠨ | ᠪᠣᠯ ᠲᠣᠰ ᠬᠠᠷᠢᠭᠤᠴᠠᠯᠭᠠᠲᠤ ᠣᠷᠣᠨ ᠤ ᠠᠯᠪᠠᠨ ᠵᠢᠷᠤᠮ ᠤᠨ ᠬᠢᠨᠠᠯᠲᠠ ᠲᠠᠯᠪᠢᠭᠴᠢ ᠪᠣᠯᠬᠤ ᠲᠤᠯᠠ ᠬᠢᠨᠠᠯᠲᠠ | ᠲᠠᠯᠪᠢᠬᠤ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠢᠱᠢᠶᠡᠴᠢ ᠪᠠᠷ ᠲᠦᠷᠦᠭᠦᠯᠡᠨ ᠭᠦᠢᠴᠡᠳᠭᠡᠬᠦ ᠶᠢᠨ ᠬᠠᠮᠲᠤ | ᠬᠢᠨᠠᠯᠲᠠ ᠲᠠᠯᠪᠢᠯᠲᠠ ᠪᠠᠨ ᠬᠦᠢᠴᠡᠳᠭᠡᠬᠦ ᠬᠡᠷᠡᠭᠲᠡᠶ᠃ ᠮᠡᠳᠡᠭᠡ ᠵᠠᠩᠭᠢ ᠨᠡᠶᠢᠲᠡᠯᠡᠬᠦ ᠲᠠᠪᠴᠠᠩ ᠢ ᠪᠠᠶᠢᠭᠤᠯᠵᠤ᠂ ᠡᠯ᠎ᠡ | ᠲᠥᠷᠥᠯ ᠤᠨ ᠵᠠᠭᠤᠴᠢᠯᠠᠭᠤᠷ ᠢᠶᠠᠷ ᠳᠠᠮᠵᠢᠭᠤᠯᠤᠨ ᠵᠡᠭᠡᠯᠢ ᠭᠤᠳᠤᠮᠵᠢ ᠶᠢᠨ ᠳᠠᠷᠤᠭ᠎ᠠ ᠶᠢᠨ ᠨᠡᠷᠡᠰ ᠢ ᠨᠡᠶᠢᠭᠡᠮ | ᠨᠡᠶᠢᠲᠡ ᠳᠤ ᠵᠠᠷᠯᠠᠵᠤ᠂ ᠡᠯ᠎ᠡ ᠵᠡᠭᠡᠯᠢ ᠭᠤᠳᠤᠮᠵᠢ ᠶᠢᠨ ᠢᠯᠡᠷᠬᠡᠶ ᠪᠠᠶᠢᠷᠢᠨ ᠳᠤ ᠵᠡᠭᠡᠯᠢ ᠭᠤᠳᠤᠮᠵᠢ ᠶᠢᠨ ᠳᠠᠷᠤᠭ᠎ᠠ ᠶᠢᠨ | ᠢᠯᠡ ᠨᠡᠶᠢᠲᠡᠯᠡᠬᠦ ᠫᠠᠶᠢᠰᠠ ᠲᠣᠬᠢᠷᠠᠭᠤᠯᠵᠤ᠂ ᠵᠡᠭᠡᠯᠢ ᠭᠤᠳᠤᠮᠵᠢ ᠶᠢᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ | ᠬᠢᠨᠠᠯᠲᠠ ᠬᠠᠮᠢᠶᠠᠷᠤᠯᠲᠠ ᠶᠢᠨ ᠵᠠᠮ ᠤᠨ ᠬᠡᠰᠡᠭ᠂ ᠬᠢᠨᠠᠯᠲᠠ ᠲᠠᠯᠪᠢᠬᠤ ᠳ᠋ᠢᠶᠠᠩᠬᠤᠸᠠ ᠵᠡᠷᠭᠡ ᠠᠭᠤᠯᠭ᠎ᠠ ᠶᠢ | ᠲᠣᠳᠣᠷᠬᠠᠶᠢᠯᠠᠵᠤ᠂ ᠨᠡᠶᠢᠭᠡᠮ ᠤᠨ ᠬᠢᠨᠠᠯᠳᠠ ᠲᠠᠯᠪᠢᠬᠤ ᠶᠢ ᠬᠦᠯᠢᠶᠡᠬᠦ ᠬᠡᠷᠡᠭᠲᠡᠶ᠃ | ︵ᠭᠤᠷᠪᠠ︶ ᠬᠢᠨᠠᠨ ᠰᠢᠯᠭᠠᠵᠤ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ᠎ᠠ᠃ ︽ᠵᠡᠭᠡᠯᠢ | ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠬᠦ | ᠰᠢᠰᠲ᠋ᠧᠮᠵᠢ ᠶᠢ ᠪᠠᠶᠢᠭᠤᠯᠤᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠤ ᠬᠢᠨᠠᠨ ᠰᠢᠯᠭᠠᠯᠲᠠ ᠶᠢ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠵᠠᠭᠤᠨ ᠤ ᠬᠤᠪᠢ ᠶᠢᠨ | ᠳᠦᠷᠢᠮ ᠤᠨ ᠬᠠᠮᠢᠶᠠᠷᠤᠯᠳᠠ ᠶᠢᠨ ᠠᠷᠭ᠎ᠠ ᠶᠢ ᠲᠣᠭᠲᠠᠭᠠᠵᠤ ᠬᠤᠪᠢ ᠣᠯᠭᠤᠨ᠎ᠠ᠃ ᠡᠳᠦᠷ ᠲᠤᠲᠤᠮ ᠤᠨ ᠠᠵᠢᠯ ᠤᠨ | ᠬᠢᠨᠠᠯᠲᠠ ᠬᠠᠮᠢᠶᠠᠷᠤᠯᠲᠠ ᠶᠢᠨ ᠪᠠᠶᠢᠳᠠᠯ ᠵᠢᠴᠢ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠳᠦᠰᠦᠯᠡᠨ᠂ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠤ ᠬᠤᠪᠢ ᠶᠢ ᠬᠠᠰᠤᠭᠰᠠᠨ ᠤ ᠳᠠᠷᠠᠭ᠎ᠠ ᠮᠥᠨ ᠬᠦ ᠵᠣᠬᠢᠬᠤ | ᠬᠤᠪᠢ ᠳᠤ ᠬᠦᠷᠴᠦ ᠳᠡᠶᠢᠯᠬᠦ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠳᠤ ᠠᠮᠵᠢᠯᠲᠠ | ᠪᠦᠲᠦᠮᠵᠢ ᠶᠢᠨ ᠱᠠᠩᠨᠠᠯ ᠣᠯᠭᠤᠨ᠎ᠠ᠃ ᠡᠭᠦᠨ ᠢᠶᠠᠷ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠤ | ᠠᠵᠢᠯ ᠤᠨ ᠢᠳᠡᠪᠬᠢᠵᠢᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠺᠠᠳ᠋ᠷ ᠠᠵᠢᠯᠲᠠᠨ ᠠᠵᠢᠯᠴᠢᠨ ᠤ ᠬᠢᠨᠠᠨ | ᠰᠢᠯᠭᠠᠯᠲᠠ ᠶᠢ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠠᠵᠢᠯ ᠤᠨ | ᠪᠣᠳᠠᠲᠤ ᠠᠮᠵᠢᠯᠲᠠ ᠵᠢᠴᠢ ᠬᠠᠷᠢᠭᠤᠴᠠᠵᠤ ᠪᠠᠶᠢᠭ᠎ᠠ ᠵᠡᠭᠡᠯᠢ ᠭᠤᠳᠤᠮᠵᠢ ᠶᠢᠨ ᠶᠡᠷᠦᠩᠬᠡᠶ ᠬᠠᠮᠢᠶᠠᠷᠤᠯᠲᠠ ᠶᠢᠨ ᠪᠠᠶᠢᠳᠠᠯ ᠢ | ᠦᠨᠳᠦᠰᠦᠯᠡᠨ ᠠᠳᠠᠯᠢᠳᠬᠠᠨ ᠰᠢᠯᠭᠠᠷᠠᠭᠤᠯᠤᠨ᠎ᠠ᠃ ᠯᠠᠪᠳᠠᠭᠤᠨ ᠪᠠᠲᠤᠲᠠᠶ ᠠᠵᠢᠯᠯᠠᠵᠤ᠂ ᠢᠳᠡᠪᠬᠢᠲᠡᠶ ᠪᠠᠷ ᠳᠠᠪᠰᠢᠬᠤ | ᠬᠥᠮᠦᠰ ᠢ ᠬᠥᠮᠦᠵᠢᠭᠦᠯᠵᠦ᠂ ᠵᠢᠯ ᠤᠨ ᠡᠴᠦᠰ ᠤᠨ ᠰᠢᠯᠢᠳᠡᠭ ᠢ ᠰᠢᠯᠭᠠᠷᠠᠭᠤᠯᠤᠨ ᠰᠣᠩᠭᠤᠬᠤ ᠪᠡᠯᠡᠳᠬᠡᠯ ᠤᠨ | ᠲᠠᠯ᠎ᠠ ᠪᠠᠷ ᠡᠩ ᠲᠡᠷᠢᠭᠦᠨ ᠳᠤ ᠪᠣᠳᠣᠯᠬᠢᠯᠠᠵᠤ᠂ ᠠᠵᠢᠯ ᠤᠨ ᠳᠤᠮᠳᠠ ᠲᠦᠯᠬᠢᠯᠴᠡᠨ ᠨᠠᠵᠠᠭᠠᠶᠢᠷᠠᠨ | ᠠᠷᠭᠠᠴᠠᠭᠠᠬᠰᠠᠳ ᠲᠤ ᠬᠥᠮᠦᠵᠢᠯ ᠬᠢᠵᠦ᠂ ᠴᠢᠬᠤᠯᠠᠲᠠᠶ ᠦᠶ᠎ᠡ ᠳᠤ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠡᠬᠢᠯᠡᠭᠦᠯᠦᠨ ᠰᠢᠢᠳᠪᠦᠷᠢᠯᠡᠬᠦ ᠬᠡᠷᠡᠭᠲᠡᠶ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ | ᠨᠠᠶᠢᠳᠠᠪᠤᠷᠢᠵᠢᠭᠤᠯᠤᠯᠳᠠ ᠶᠢ ᠲᠦᠯᠬᠢᠨ ᠠᠬᠢᠭᠤᠯᠬᠤ ᠬᠡᠷᠡᠭᠲᠡᠶ᠃ ᠬᠤᠲᠠ ᠶᠢᠨ ᠬᠠᠮᠢᠶᠠᠷᠤᠯᠲᠠ ᠶᠢᠨ ︽ᠵᠡᠭᠡᠯᠢ | ᠭᠤᠳᠤᠮᠵᠢ ᠶᠢᠨ ᠳᠠᠷᠤᠭ᠎ᠠ ᠶᠢᠨ ᠳᠦᠷᠢᠮ︾ ᠢ ᠹᠧᠩᠵᠧᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠤᠳᠤᠷᠢᠳᠤᠯᠭ᠎ᠠ ᠳᠣᠤᠷ᠎ᠠ ᠬᠡᠷᠡᠭᠵᠢᠭᠦᠯᠵᠦ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠪᠣᠯᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠢ | ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠢᠳᠡᠪᠬᠢᠲᠡᠶ ᠬᠠᠮᠵᠢᠯᠴᠠᠨ ᠵᠡᠭᠡᠯᠢ | ᠭᠤᠳᠤᠮᠵᠢ ᠶᠢᠨ ᠳᠠᠷᠤᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠦ᠂ ᠬᠠᠷᠢᠭᠤᠴᠠᠯᠭ᠎ᠠ | ᠡᠭᠦᠷᠭᠡᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠲᠦᠷᠢᠮ︾ ᠤᠨ ᠡᠯ᠎ᠡ | ᠵᠦᠢᠯ ᠤᠨ ᠠᠵᠢᠯ ᠤᠨ ᠪᠠᠷᠢᠮᠵᠢᠶ᠎ᠠ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ | ᠪᠠᠲᠤᠯᠠᠨ᠎ᠠ᠃ | ︵ᠬᠤᠶᠠᠷ︶ ᠤᠬᠠᠭᠤᠯᠬᠤ ᠡᠷᠴᠢᠮ ᠢᠶᠠᠨ ᠨᠡᠮᠡᠭᠳᠡᠭᠦᠯᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠬᠤ ᠬᠡᠷᠡᠭᠲᠡᠶ᠃ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠪᠠᠨ ᠴᠢᠩᠭᠠᠳᠬᠠᠵᠠᠢ᠃ ᠰᠣᠨᠢᠨ ᠰᠡᠳᠬᠦᠯ᠂ | ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠸᠢᠴᠠᠲ᠂ ᠪᠢᠴᠢᠯ ᠪᠦᠷᠭᠡ᠂ ᠵᠣᠴᠢᠨ ᠡᠷᠦᠬᠡ ᠶᠢᠨ ᠦᠵᠦᠭᠦᠷ | ᠵᠡᠷᠭᠡ ᠡᠯ᠎ᠡ ᠵᠦᠢᠯ ᠤᠨ ᠵᠠᠭᠤᠴᠢᠯᠠᠭᠤᠷ ᠪᠣᠯᠤᠨ ᠤᠯᠠᠮᠵᠢᠯᠠᠬᠤ ᠠᠷᠭ᠎ᠠ ᠪᠠᠷᠢᠯ ᠢ ᠭᠦᠢᠴᠡᠳ ᠠᠰᠢᠭᠯᠠᠵᠤ᠂ | ᠥᠷᠭᠡᠨ ᠢᠶᠠᠷ ᠤᠬᠠᠭᠤᠯᠤᠨ ᠬᠥᠲᠥᠯᠥᠨ ᠵᠢᠯᠣᠭᠤᠳᠴᠤ᠂ ᠨᠡᠶᠢᠭᠡᠮ ᠤᠨ ᠳᠠᠶᠢᠴᠢᠯᠠᠯᠲᠠ ᠶᠢ ᠥᠷᠨᠢᠭᠦᠯᠵᠦ᠂ ᠶᠠᠷᠢᠶ᠎ᠠ | ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠣᠯᠠᠨ ᠬᠤᠲᠠ ᠶᠢᠨ ᠠᠷᠠᠳ ᠢ | ᠬᠤᠲᠠ ᠶᠢᠨ ᠬᠠᠮᠢᠶᠠᠷᠤᠯᠲᠠ ᠳᠤ ᠥᠷᠭᠡᠨ ᠢᠶᠠᠷ ᠣᠷᠣᠯᠴᠠᠭᠤᠯᠵᠤ᠂ ᠳᠡᠷᠭᠡᠳᠡᠬᠢ ᠬᠥᠮᠦᠰ ᠢᠶᠠᠨ ᠳᠡᠷᠭᠡᠳᠡᠬᠢ | ᠶᠠᠪᠤᠳᠠᠯ ᠢᠶᠠᠨ ᠰᠠᠶᠢᠲᠤᠷ ᠬᠠᠮᠢᠶᠠᠷᠤᠭᠤᠯᠵᠠᠶ᠃ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠶᠢ ᠴᠢᠬᠤᠯᠠᠴᠢᠯᠠᠵᠤ᠂ | ᠲᠤᠷᠰᠢᠯᠭ᠎ᠠ ᠶᠢ ᠳᠡᠯᠭᠡᠷᠡᠭᠦᠯᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ︽ | ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠠᠵᠢᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ | ᠃ | ︵ᠭᠤᠷᠪᠠ︶ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠷᠠᠭᠤᠯᠵᠤ᠂ ᠪᠣᠳᠠᠲᠤ ᠦᠷ᠎ᠡ ᠪᠦᠲᠦᠮᠵᠢ | ᠣᠯᠬᠤ ᠪᠠᠷ ᠴᠢᠷᠮᠠᠶᠢᠨ᠎ᠠ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠠᠵᠢᠯ ᠢ ᠲᠦᠯᠬᠢᠨ | ᠠᠬᠢᠭᠤᠯᠬᠤ ᠬᠢᠨᠠᠨ ᠵᠢᠯᠣᠭᠤᠳᠴᠤ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠬᠢᠨᠠᠨ ᠵᠢᠯᠣᠭᠤᠳᠴᠤ | ᠪᠠᠶᠢᠴᠠᠭᠠᠬᠤ ᠪᠠᠨ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠲᠠᠰᠤᠭ ᠠᠴᠠ | ᠬᠠᠮᠢᠶ᠎ᠠ ᠪᠦᠬᠦᠢ ᠬᠥᠮᠦᠰ ᠢ ᠰᠣᠩᠭᠤᠨ ᠪᠠᠶᠢᠴᠠᠭᠠᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠪᠤᠶᠤ | ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠠᠷᠭ᠎ᠠ ᠶᠢ ᠠᠪᠴᠤ᠂ ᠡᠯ᠎ᠡ ᠬᠤᠲᠠ ᠶᠢᠨ ᠵᠡᠭᠡᠯᠢ ᠭᠤᠳᠤᠮᠵᠢ ᠶᠢᠨ ︽ | ᠳᠣᠯᠣᠭᠠᠨ ᠬᠢᠨᠠᠯᠲᠠ ᠲᠠᠯᠪᠢᠬᠤ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠶᠢᠨ ᠬᠠᠮᠲᠤ ᠬᠢᠨᠠᠨ ᠪᠠᠶᠢᠴᠠᠭᠠᠬᠤ ᠰᠠᠨᠠᠯ ᠰᠠᠨᠠᠭᠤᠯᠭ᠎ᠠ ᠳᠤᠷᠠᠳᠤᠨ᠎ᠠ᠃ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠴᠠᠭ ᠲᠤᠬᠠᠶ ᠳᠤᠨᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠬᠠᠷᠢᠭᠤ ᠲᠤᠰᠬᠠᠵᠤ᠂ ᠲᠡᠷᠡᠴᠢᠯᠡᠨ ᠬᠠᠨᠳᠤᠯᠭᠠᠲᠤ | ᠴᠢᠨᠠᠷ ᠲᠠᠢ ᠪᠠᠷ ᠬᠠᠷᠢᠭᠤ ᠰᠤᠷᠪᠤᠯᠵᠢᠯᠠᠵᠤ᠂ ᠳᠠᠯᠳᠠᠭᠤᠷ ᠰᠤᠷᠪᠤᠯᠵᠢᠯᠠᠵᠤ᠂ ︽ᠵᠡᠭᠡᠯᠢ ᠭᠤᠳᠤᠮᠵᠢ ᠶᠢᠨ | ᠳᠠᠷᠤᠭ᠎ᠠ ᠶᠢᠨ ᠲᠦᠷᠢᠮ︾ ᠤᠨ ᠠᠵᠢᠯ ᠳᠤ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠳᠡᠢ᠃ | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |